ᠤᠯᠠᠭᠠᠨᠴᠠᠪ ᠬᠤᠲᠠ · ᠵᠢᠨᠢᠩ ᠲᠣᠭᠤᠷᠢᠭ ᠤᠨ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠎ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠎ ᠢ ᠪᠠᠲᠤᠳᠬᠠᠬᠤ  ᠭᠤᠣᠯ ᠰᠡᠳᠦᠪᠲᠦ ᠬᠥᠮᠦᠵᠢᠯ ᠤᠨ ᠰᠠᠭᠤᠷᠢᠨ ᠤ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/9/6
705470.jpg
   9 ᠰᠠᠷ᠎ᠠ ᠶᠢᠨ 5᠎ ᠤ ᠡᠳᠦᠷ᠂ ᠤᠯᠠᠭᠠᠨᠴᠠᠪ ᠬᠤᠲᠠ · ᠵᠢᠨᠢᠩ ᠲᠣᠭᠤᠷᠢᠭ ᠤᠨ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢᠨ  ᠡᠬᠢᠯᠡᠯᠲᠡ ᠶᠢᠨ ᠶᠣᠰᠣᠯᠠᠯ ᠵᠢᠴᠢ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠶᠠᠪᠤᠭᠳᠠᠪᠠ᠃    ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ ᠠᠵᠢᠯᠯᠠᠭ᠎ᠠ ᠳᠤ ᠣᠷᠣᠯᠴᠠᠭᠰᠠᠨ ᠪᠥᠭᠡᠳ 2023 ᠣᠨ ᠤ ᠤᠯᠠᠭᠠᠨᠴᠠᠪ ᠬᠤᠲᠠ᠂ ᠵᠢᠨᠢᠩ ᠲᠣᠭᠤᠷᠢᠭ ᠤᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠰᠠᠷ᠎ᠠ ᠶᠢᠨ ᠠᠵᠢᠯᠯᠠᠭ᠎ᠠ ︾ ᠡᠬᠢᠯᠡᠭᠰᠡᠨ ᠢ ᠵᠠᠷᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ  ᠱᠧᠨ ᠼᠠᠢ ᠵᠢᠶᠦ᠋ᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ  ᠹᠸᠡᠭ ᠵᠡᠷᠭᠡ ᠬᠤᠲᠠ ᠶᠢᠨ ᠲᠣᠭᠤᠷᠢᠭ ᠤᠨ ᠬᠤᠶᠠᠷ ᠱᠠᠲᠤᠨ ᠤ ᠤᠳᠤᠷᠢᠳᠤᠯᠭ᠎ᠠ ᠶᠣᠰᠣᠯᠠᠯ ᠳᠤ ᠣᠷᠣᠯᠴᠠᠪᠠ       ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠧᠦ ᠲᠤᠤ ᠷᠠᠨ ᠶᠣᠰᠣᠯᠠᠯ ᠢ ᠡᠷᠭᠢᠯᠡᠪᠡ᠃     ᠶᠣᠰᠣᠯᠠᠯ ᠳᠡᠭᠡᠷ᠎ᠡ᠂ ᠺᠠᠩ ᠬᠠᠢ ᠷᠦᠢ ᠵᠢᠨᠢᠩ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠪᠠᠶᠢᠭᠤᠯᠬᠤ ᠠᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠬᠥᠮᠦᠵᠢᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ ᠃ ᠰᠢᠤᠢ ᠹᠸᠡᠭ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠤᠯ ᠰᠡᠳᠦᠪᠲᠦ ᠬᠥᠮᠦᠵᠢᠯ ᠤᠨ ᠰᠠᠭᠤᠷᠢᠨ ︵ᠥᠷᠲᠡᠭᠡ︶᠎ ᠢ ᠪᠠᠲᠤ ᠴᠣᠭᠴᠠᠯᠠᠨ ᠪᠠᠶᠢᠭᠤᠯᠬᠤ ᠲᠤᠬᠠᠶ ᠲᠣᠭᠲᠠᠭᠠᠯ︾᠎ ᠢ ᠤᠩᠰᠢᠨ ᠨᠡᠶᠢᠲᠡᠯᠡᠪᠡ ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠤᠨ ᠦᠨᠳᠦᠰᠦᠨ ᠱᠠᠲᠤᠨ ᠤ ᠥᠷᠲᠡᠭᠡ ᠳᠤ ᠫᠠᠶᠢᠰᠠ ᠣᠯᠭᠤᠵᠤ᠂ ᠡᠭᠦᠨ ᠤ ᠬᠠᠮᠲᠤ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠰᠠᠭᠤᠷᠢᠨ ᠢ ᠪᠠᠲᠤ ᠴᠣᠭᠴᠠᠯᠠᠵᠤ᠂ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠵᠤ᠂ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠢ ᠪᠠᠲᠤ ᠴᠣᠭᠴᠠᠯᠠᠬᠤ ᠳᠤ ᠫᠠᠶᠢᠰᠠ ᠰᠡᠬᠦᠪᠡ᠃    ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠲᠤᠬᠠᠢ ᠶᠢᠨ ᠲᠠᠯᠠᠪᠠᠢ ᠶᠢᠨ ᠬᠥᠮᠦᠰ ᠪᠠᠰᠠ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠭᠬᠠᠬᠤ  ᠭᠤᠣᠯ ᠰᠡᠳᠦᠪᠲᠦ ᠬᠥᠮᠦᠵᠢᠯ ᠤᠨ ᠰᠠᠭᠤᠷᠢᠨ ᠢ ᠲᠣᠭᠤᠷᠢᠨ ᠦᠵᠡᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠶᠣᠰᠣᠯᠠᠯ ᠢ ᠬᠤᠲᠠ᠂ ᠲᠣᠭᠤᠷᠢᠭ ᠤᠨ ᠬᠤᠶᠠᠷ ᠱᠠᠲᠤᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯᠲᠤ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠬᠠᠮᠲᠤᠷᠠᠨ ᠡᠷᠭᠢᠯᠡᠪᠡ᠃ ᠡᠭᠦᠨ ᠤ ᠵᠣᠷᠢᠯᠭ᠎ᠠ ᠨᠢ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠥᠷᠭᠡᠨ  ᠢᠶᠠᠷ ᠲᠠᠶᠢᠴᠢᠯᠠᠨ ᠭᠠᠷ ᠬᠤᠯᠪᠣᠨ ᠮᠥᠷᠥ ᠵᠡᠷᠭᠡᠴᠡᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ᠂  ᠵᠢᠱᠢᠶ᠎ᠡ ᠦᠵᠡᠭᠦᠯᠬᠦ ᠲᠤᠭᠤᠷᠢᠭ ᠢ  ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ  ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢᠨ ᠲᠥᠯᠥᠭᠡ ᠶᠤᠮ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2