ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/9/6
705470.jpg
     9 ᠳ᠋ᠦᠭᠡᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ  ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠥᠬᠦᠶ ᠵᠦᠶᠯᠡᠰ ᠢ ᠰᠤᠳᠤᠯᠤᠨ ᠰᠢᠶᠳᠪᠦᠷᠢᠯᠡᠪᠡ᠃ ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠶᠢ ᠪᠦᠬᠦ ᠲᠠᠯ᠎ᠠ ᠎ ᠪᠠᠷ  ᠵᠠᠷᠯᠠᠨ ᠮᠡᠳᠡᠭᠳᠡᠪᠡ᠃  ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠰᠠᠯᠠᠭ᠎ᠠ ᠮᠥᠴᠢᠷ ᠲᠤ ᠬᠤᠯᠪᠣᠭᠳᠠᠭᠰᠠᠨ ᠪᠣᠳᠠᠲᠠᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ ᠃ ᠡᠯ᠎ᠡ ᠪᠣᠭᠤᠮᠲᠠ ᠰᠢᠪᠲᠤᠯᠬᠤ ᠲᠤᠰᠬᠠᠢ ᠠᠩᠭᠢ ᠶᠢᠨ ᠳᠤᠭᠤᠶᠢᠯᠠᠩ ᠤᠨ ᠳᠠᠷᠤᠭ᠎ᠠ ᠤᠶᠢᠷ᠎ᠠ ᠶᠢᠨ ᠬᠤᠭᠤᠴᠠᠭᠠᠨ ᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠤᠭ ᠰᠦᠯᠳᠡ ᠪᠠᠨ ᠪᠠᠳᠠᠷᠠᠭᠤᠯᠵᠤ᠂ ᠦᠷᠭᠦᠯᠵᠢᠯᠡᠨ ᠬᠦᠴᠦᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠪᠠ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠡᠷᠲᠡᠬᠡᠨ ᠰᠢᠨ᠎ᠡ ᠭᠡᠷ ᠲᠤ ᠨᠡᠭᠦᠵᠦ ᠣᠷᠣᠬᠤ᠂ ᠰᠢᠨ᠎ᠡ ᠭᠡᠷ ᠲᠤ ᠰᠠᠭᠤᠬᠤ ᠶᠢ ᠪᠠᠲᠤᠯᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ  ᠲᠤᠭᠤᠷᠢᠭ ᠤᠨ ᠬᠡᠷ ᠪᠠᠶᠢᠰᠢᠩ ᠭᠠᠵᠠᠷ ᠰᠢᠷᠦᠢ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠰᠠᠭᠤᠳᠠᠯ ᠢ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠷᠠᠯᠲᠠ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ᠂ ᠪᠣᠭᠤᠮᠲᠠ ᠰᠢᠪᠲᠤᠯᠬᠤ ᠲᠤᠰᠬᠠᠢ ᠠᠩᠬᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2