ᠵᠢᠨᠢᠩ ᠲᠣᠭᠤᠷᠢᠭ ᠭᠠᠯ ᠤᠨᠲᠠᠷᠠᠭᠠᠬᠤ ᠠᠮᠤᠷ ᠲᠦᠪᠰᠢᠨ  ᠤ ᠬᠦᠮᠦᠵᠢᠯ ᠢ ᠰᠤᠷᠭᠠᠭᠤᠯᠢ ᠶᠢᠨ ᠬᠦᠷᠢᠶᠡᠨ ᠳᠤ  ᠬᠦᠷᠭᠡᠵᠦ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠤᠷᠤᠪᠡ
ᠨᠡᠶᠢᠲᠡᠯᠡᠭᠰᠡᠨ ᠴᠠᠭ᠄
2023/9/6
    ᠤᠶᠢᠷ᠎ᠡ ᠳᠤ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠬᠠᠭᠤᠯᠤᠭᠴᠢ ᠶᠦᠩ ᠠᠨ ᠵᠠᠮ ᠤᠨ ᠪᠠᠭ᠎ᠠ ᠰᠤᠷᠭᠠᠭᠤᠯᠢ ᠳᠤ  ᠬᠦᠷᠴᠦ᠂ ᠪᠠᠭᠰᠢ ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ︽ᠠᠩᠬᠠᠨ ᠤ ᠬᠢᠴᠢᠶᠡᠯ︾  ᠤᠷᠤᠪᠠ᠃     ᠲᠠᠶᠢᠯᠤᠮᠵᠢ ᠶᠢᠨ ᠶᠠᠪᠤᠴᠠ ᠳᠤ᠂ ᠭᠠᠯ ᠤᠨᠲᠠᠷᠠᠭᠠᠭᠴᠢ ᠲᠥᠬᠦᠮ ᠣᠶᠢᠯᠠᠭᠠᠮᠵᠢᠲᠠᠢ ᠲᠠᠢ ᠪᠠᠷ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠶᠡᠷᠦ ᠶᠢᠨ ᠮᠡᠳᠡᠯᠭᠡ᠂ ᠡᠳᠦᠷ ᠲᠤᠲᠤᠮ ᠤᠨ ᠠᠮᠢᠳᠤᠷᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠨᠠᠷᠢᠨ ᠵᠦᠢᠯᠡᠰ ᠵᠢᠴᠢ ᠭᠠᠯ ᠤᠨ ᠠᠶᠤᠯ ᠭᠠᠷᠤᠭᠰᠠᠨ ᠦᠶ᠎ᠡ ᠳᠤ ᠬᠡᠷᠬᠢᠨ ᠲᠦᠭᠰᠢᠭᠦᠷᠢ ᠮᠡᠳᠡᠭᠦᠯᠬᠦ᠂ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠭᠠᠯ ᠤᠨᠲᠠᠷᠠᠭᠠᠬᠤ ᠬᠡᠷᠡᠭᠰᠡᠯ ᠢ ᠬᠡᠷᠬᠢᠨ ᠣᠶᠢᠷ᠎ᠠ ᠬᠠᠪᠢ ᠳᠠᠭᠠᠨ ᠬᠡᠷᠡᠭᠯᠡᠬᠦ ᠵᠡᠷᠭᠡ ᠶᠢ ᠲᠠᠶᠢᠯᠪᠤᠷᠢᠯᠠᠨ‌ᠥᠭᠴᠦ᠂ ᠰᠤᠷᠤᠭᠴᠢᠳ ᠤᠨ ᠭᠠᠯ ᠤᠨᠲᠠᠷᠠᠭᠠᠬᠤ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃   ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ᠂ ᠪᠦᠬᠦ ᠪᠠᠭᠰᠢ ᠰᠤᠷᠤᠭᠴᠢᠳ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠵᠢᠯᠣᠭᠤᠳᠤᠯᠭ᠎ᠠ ᠪᠠᠷ᠂ ᠨᠦᠢᠲᠠᠨ ᠠᠯᠴᠢᠭᠤᠷ ᠢᠶᠠᠷ ᠠᠮᠠ ᠬᠠᠮᠠᠷ ᠢᠶᠠᠨ ᠪᠥᠭᠯᠡᠵᠦ᠂ ᠣᠶᠢᠷ᠎ᠠ ᠬᠠᠪᠢ ᠵᠢᠨ‌‍ᠲ᠋ᠠᠷᠬᠠᠭᠠᠨ ᠶᠠᠪᠤᠭᠤᠯᠬᠤ ᠵᠠᠮ ᠢ ᠰᠣᠩᠭᠤᠵᠤ᠂ ᠲᠦᠷᠭᠡᠨ ᠪᠥᠭᠡᠳ ᠡᠮᠬᠢ ᠵᠢᠷᠤᠮ ᠲᠠᠢ ᠪᠠᠷ ᠭᠡᠷ ᠤᠨ ᠭᠠᠳᠠᠨᠠᠬᠢ ᠠᠮᠤᠷ ᠲᠦᠪᠰᠢᠨ ᠭᠠᠵᠠᠷ ᠲᠤ ᠬᠦᠷᠴᠦ᠂ ᠪᠦᠬᠦ᠋ᠢᠯᠡ ᠶᠠᠪᠤᠴᠠ  ᠨᠢ ᠪᠠᠴᠢᠮ ᠪᠥᠭᠡᠳ ᠡᠮᠬᠢ ᠵᠢᠷᠤᠮ ᠲᠠᠢ  ᠪᠠᠶᠢᠵᠤ ᠵᠢᠱᠢᠭᠰᠡᠨ ᠦᠷ᠎ᠡ ᠪᠦᠲᠦᠮᠵᠢ ᠳᠤ  ᠬᠦᠷᠴᠡᠢ᠃      ᠲᠣᠰ ᠤᠳᠠᠭᠠᠨ ᠤ ᠰᠤᠷᠤᠯᠭ᠎ᠠ ᠶᠢᠨ ᠠᠩᠬᠠᠨ ᠤ ᠬᠢᠴᠢᠶᠡᠯ ᠨᠢ ᠥᠷᠭᠡᠨ ᠣᠯᠠᠨ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠵᠢᠯ ᠵᠢᠴᠢ ᠡᠯ᠎ᠡ ᠲᠥᠷᠥᠯ ᠤᠨ ᠪᠠᠶᠢᠳᠠᠯ ᠳᠣᠣᠷᠠᠬᠢ ᠪᠠᠴᠢᠮ ᠭᠡᠨᠡᠳᠲᠡ ᠶᠢᠨ ᠬᠡᠷᠡᠭ ᠤᠨ ᠰᠢᠢᠳᠪᠦᠷᠢᠯᠡᠯᠲᠡ ᠶᠢᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃     ᠳᠠᠷᠠᠭᠠᠴᠢ ᠪᠠᠷ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ᠂ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠵᠡᠷᠭᠡ ᠭᠠᠵᠠᠷ   ᠲᠤ ᠤᠬᠠᠭᠤᠯᠭ᠎ᠠ ᠬᠢᠵᠦ᠂ ᠤᠯᠠᠨ ᠵᠦᠢᠯ ᠤᠨ ᠬᠡᠯᠪᠡᠷᠢ ᠶᠢᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠤᠨ ᠥᠪᠡᠷ ᠢ ᠪᠠᠨ ᠠᠪᠤᠷᠠᠬᠤ ᠬᠠᠷᠢᠯᠴᠠᠨ‌ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ  ᠭᠡᠵᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2