| | | | | | | 9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠳᠤᠮᠳᠠᠳᠤ ᠤᠯᠤᠰ · ᠵᠢᠨᠢᠩ ᠤᠨ | ᠨᠠᠢᠮᠠᠳᠤᠭᠠᠷ ᠬᠤᠭᠤᠴᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠤᠨ ᠪᠡᠯᠡᠳᠬᠡᠯ ᠠᠵᠢᠯ ᠤᠨ ᠲᠤᠬᠠᠶ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ | ᠺᠠᠩ ᠬᠠᠢ ᠷᠦᠢ ᠨᠠᠷ ᠤᠷᠢᠳ ᠬᠤᠵᠢᠳ ᠴᠠᠬᠠᠷ ᠶᠡᠭᠡ ᠵᠡᠭᠡᠯᠢ᠂ ᠫᠢᠩ ᠠᠨ ᠵᠠᠮ᠂ ᠵᠢᠨᠢᠩ ᠤᠨ ᠤᠯᠠᠨ | ᠤᠯᠤᠰ ᠤᠨ ᠠᠷᠠᠰᠤ ᠰᠢᠷᠢ ᠶᠢᠨ ᠬᠤᠳᠠ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠡᠬᠢᠯᠡᠯᠲᠡ ᠶᠢᠨ ᠶᠣᠰᠣᠯᠠᠯ ᠤᠨ ᠲᠠᠪᠴᠠᠩ ᠪᠠᠶᠢᠭᠤᠯᠬᠤ᠂ ᠠᠵᠢᠯᠯᠠᠭ᠎ᠠ ᠶᠢᠨ ᠠᠭᠤᠯᠭ᠎ᠠ ᠶᠢ ᠲᠤᠬᠢᠷᠠᠭᠤᠯᠬᠤ ᠵᠡᠷᠭᠡ | ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ | ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ | ᠺᠠᠩ ᠬᠠᠶ ᠷᠦᠢ ᠬᠡᠯᠡᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠭ᠎ᠠ ᠶᠢᠨ | ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠬᠢᠨᠠᠮᠠᠭᠠᠶ ᠰᠤᠳᠤᠯᠤᠨ | ᠪᠣᠳᠣᠯᠬᠢᠯᠠᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠨ ᠨᠠᠷᠢᠯᠢᠬᠵᠢᠭᠤᠯᠵᠤ᠂ ᠡᠯ᠎ᠡ ᠭᠤᠭᠴᠤᠭ᠎ᠠ ᠶᠢᠨ ᠬᠢᠯᠠᠰ | ᠴᠡᠭ ᠢ ᠲᠣᠪᠤᠶᠢᠯᠭᠠᠨ᠂ ᠵᠣᠯᠭᠠᠯᠴᠠᠭ᠎ᠠ ᠶᠢ ᠡᠮᠬᠢ ᠵᠢᠷᠤᠮ ᠲᠠᠢ ᠪᠣᠯᠭᠠᠵᠤ᠂ ᠲᠣᠰ ᠬᠤᠭᠤᠴᠠᠭᠠᠨ ᠤ ᠣᠯᠠᠨ | ᠤᠯᠤᠰ ᠤᠨ ᠠᠷᠠᠰᠤ ᠰᠢᠷᠢ ᠶᠢᠨ ᠨᠠᠶᠢᠷ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠤᠬᠠᠭᠤᠯᠭ᠎ᠠ ᠪᠠᠨ ᠴᠢᠩᠭᠠᠳᠬᠠᠵᠤ᠂ ᠨᠥᠯᠥᠭᠡ ᠪᠠᠨ | ᠥᠷᠭᠡᠳᠬᠡᠵᠦ᠂ ᠡᠯ᠎ᠡ ᠲᠦᠷᠦᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠬᠢᠯᠠᠰ ᠴᠡᠭ ᠢ ᠪᠤᠢ ᠪᠣᠯᠭᠠᠵᠤ᠂ | ᠬᠠᠷᠠᠴᠠ ᠪᠠᠨ ᠲᠥᠪᠯᠡᠷᠡᠭᠦᠯᠵᠦ᠂ ᠪᠠᠶᠠᠷ ᠳᠤᠷᠠᠰᠬᠠᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠢᠭᠲᠠ | ᠵᠣᠬᠢᠴᠠᠭᠤᠯᠤᠨ ᠬᠠᠮᠵᠢᠯᠴᠠᠵᠤ᠂ ᠬᠤᠷᠠᠯ ᠤᠨ ᠲᠠᠯᠠᠪᠠᠶ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠪᠠ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠨᠢᠭᠲᠠ ᠠᠴᠠ | ᠨᠢᠭᠲᠠ ᠰᠠᠶᠢᠲᠤᠷ ᠬᠢᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ᠃ | ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠵᠢᠨᠢᠩ ᠤᠨ ᠤᠯᠠᠨ | ᠤᠯᠤᠰ ᠤᠨ ᠠᠷᠠᠰᠤ ᠰᠢᠷᠢ ᠶᠢᠨ ᠬᠤᠳᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ |