ᠵᠠᠩ ᠶᠦᠩ ᠸᠧᠨ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/7
705470.jpg
   9 ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠡᠰᠡᠭ ᠰᠤᠷᠭᠠᠭᠤᠯᠢ ᠳᠤ ᠭᠦᠨᠵᠡᠭᠡᠶᠢᠷᠡᠨ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃     ᠵᠠᠩ ᠶᠦᠩ ᠸᠧᠨ ᠨᠠᠷ ᠤᠷᠢᠳ ᠬᠤᠵᠢᠳ ᠾᠧ ᠱᠦᠨ ᠪᠠᠭ᠎ᠠ ᠰᠤᠷᠭᠠᠭᠤᠯᠢ᠂ ᠢ ᠯᠢ ᠳ᠋ᠦᠡᠭ ᠹᠠᠨᠭ᠌ ᠬᠡᠦᠬᠡᠳ ᠤᠨ ᠴᠡᠴᠡᠷᠯᠢᠭ᠂ ᠢ ᠯᠢ  ᠳ᠋ᠦᠡᠭ ᠹᠠᠨᠭ᠌ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠣᠨᠴᠠᠯᠢᠭ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠡᠨᠡ ᠬᠤᠭᠤᠴᠠᠭᠠᠨ ᠳᠤ᠂ ᠵᠠᠩ ᠶᠦᠩ ᠸᠧᠨ ᠪᠠᠭᠰᠢ ᠶᠢᠨ ᠠᠯᠪᠠᠨ ᠭᠡᠷ ᠲᠤ ᠬᠦᠷᠴᠦ᠂ ᠡᠮᠦᠨ᠎ᠡ ᠹᠷᠣᠨᠲ ᠤᠨ ᠪᠠᠭᠰᠢ ᠨᠠᠷ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠭᠰᠢ ᠶᠢᠨ ᠪᠠᠶᠠᠷ ᠤᠨ ᠡᠳᠦᠷ ᠤᠨ ᠮᠡᠨᠳᠦᠴᠢᠯᠡᠯ ᠢᠶᠠᠨ ᠤᠷᠢᠳᠴᠢᠯᠠᠨ ᠳᠡᠪᠰᠢᠭᠦᠯᠵᠡᠢ᠃    ᠵᠠᠩ ᠶᠦᠩ ᠸᠧᠨ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠤᠬᠠᠢ  ᠬᠡᠯᠡᠭᠰᠡᠨ ᠨᠢ᠂ ᠰᠤᠷᠭᠠᠨ ᠬᠥᠮᠦᠵᠢᠯ ᠮᠠᠨᠳᠤᠪᠠᠯ ᠤᠯᠤᠰ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠪᠥᠬᠦ  ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ  ᠲᠤᠭᠤᠰᠢᠯᠠᠭᠤᠯᠵᠤ ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠷᠢᠳᠠᠪᠠᠷ ᠪᠠᠲᠤᠯᠠᠬᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠳᠠᠪᠠᠷ ᠣᠷᠣᠭᠤᠯᠤᠨ ᠠᠪᠴᠢᠷᠠᠬᠤ᠂ ᠪᠠᠭᠰᠢ ᠶᠢᠨ ᠬᠠᠷᠠᠭᠠᠯᠵᠠᠯ ᠢ ᠤᠷᠢᠳᠠᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ  ᠭᠡᠵᠡᠢ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠷᠭᠠᠯᠲᠠ ᠰᠤᠳᠤᠯᠭᠠᠨ ᠤ ︽ᠭᠤᠷᠪᠠᠨ ᠰᠠᠯᠠᠭ᠎ᠠ︾᠎ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠯᠦᠭᠯᠡᠯᠵᠢᠭᠰᠡᠨ ᠰᠤᠷᠭᠠᠭᠤᠯᠢ ᠡᠷᠬᠢᠯᠡᠭᠰᠡᠨ ᠦᠷ᠎ᠡ ᠪᠦᠲᠦᠭᠡᠯ ᠢ ᠥᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠡᡁᠧ ᠷᠦᠨ ᠭᠧᠨ ᠵᠢᠴᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                          ᠵᠢᠷᠤᠭ᠄ ᠴᠢᠶᠤᠤ ᠮᠢᠨ                           ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2