ᠺᠠᠩ ᠬᠠᠶ ᠷᠦᠢ ᠳᠤᠮᠳᠠᠳᠤ ᠤᠯᠤᠰ · ᠵᠢᠨᠢᠩ ᠤᠨ ᠨᠠᠢᠮᠠᠳᠤᠭᠠᠷ ᠬᠤᠭᠤᠴᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ  ᠨᠠᠶᠢᠷ ᠤᠨ ᠪᠡᠯᠡᠳᠬᠡᠯ ᠠᠵᠢᠯ ᠎ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/7
      9 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠳᠤᠮᠳᠠᠳᠤ ᠤᠯᠤᠰ · ᠵᠢᠨᠢᠩ ᠤᠨ ᠨᠠᠢᠮᠠᠳᠤᠭᠠᠷ ᠬᠤᠭᠤᠴᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠤᠨ ᠪᠡᠯᠡᠳᠬᠡᠯ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃     ᠺᠠᠩ ᠬᠠᠢ ᠷᠦᠢ ᠨᠠᠷ ᠤᠷᠢᠳ ᠬᠤᠵᠢᠳ ᠴᠠᠬᠠᠷ ᠶᠡᠭᠡ ᠵᠡᠭᠡᠯᠢ᠂ ᠫᠢᠩ ᠠᠨ ᠵᠠᠮ᠂ ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠬᠢᠯᠡᠯᠲᠡ ᠶᠢᠨ ᠶᠣᠰᠣᠯᠠᠯ ᠤᠨ ᠲᠠᠪᠴᠠᠩ ᠪᠠᠶᠢᠭᠤᠯᠬᠤ᠂  ᠠᠵᠢᠯᠯᠠᠭ᠎ᠠ ᠶᠢᠨ ᠠᠭᠤᠯᠭ᠎ᠠ ᠶᠢ ᠲᠤᠬᠢᠷᠠᠭᠤᠯᠬᠤ ᠵᠡᠷᠭᠡ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃    ᠺᠠᠩ ᠬᠠᠶ ᠷᠦᠢ ᠬᠡᠯᠡᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠭ᠎ᠠ ᠶᠢᠨ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠬᠢᠨᠠᠮᠠᠭᠠᠶ ᠰᠤᠳᠤᠯᠤᠨ ᠪᠣᠳᠣᠯᠬᠢᠯᠠᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠨ ᠨᠠᠷᠢᠯᠢᠬᠵᠢᠭᠤᠯᠵᠤ᠂ ᠡᠯ᠎ᠡ ᠭᠤᠭᠴᠤᠭ᠎ᠠ ᠶᠢᠨ ᠬᠢᠯᠠᠰ ᠴᠡᠭ ᠢ ᠲᠣᠪᠤᠶᠢᠯᠭᠠᠨ᠂ ᠵᠣᠯᠭᠠᠯᠴᠠᠭ᠎ᠠ ᠶᠢ ᠡᠮᠬᠢ ᠵᠢᠷᠤᠮ ᠲᠠᠢ ᠪᠣᠯᠭᠠᠵᠤ᠂ ᠲᠣᠰ ᠬᠤᠭᠤᠴᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠤᠬᠠᠭᠤᠯᠭ᠎ᠠ ᠪᠠᠨ ᠴᠢᠩᠭᠠᠳᠬᠠᠵᠤ᠂ ᠨᠥᠯᠥᠭᠡ ᠪᠠᠨ ᠥᠷᠭᠡᠳᠬᠡᠵᠦ᠂ ᠡᠯ᠎ᠡ ᠲᠦᠷᠦᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂  ᠬᠢᠯᠠᠰ ᠴᠡᠭ ᠢ ᠪᠤᠢ ᠪᠣᠯᠭᠠᠵᠤ᠂ ᠬᠠᠷᠠᠴᠠ ᠪᠠᠨ ᠲᠥᠪᠯᠡᠷᠡᠭᠦᠯᠵᠦ᠂ ᠪᠠᠶᠠᠷ ᠳᠤᠷᠠᠰᠬᠠᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠬᠤᠷᠠᠯ ᠤᠨ ᠲᠠᠯᠠᠪᠠᠶ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠨᠢᠭᠲᠠ ᠠᠴᠠ ᠨᠢᠭᠲᠠ ᠰᠠᠶᠢᠲᠤᠷ ᠬᠢᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ᠃     ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2