ᠺᠠᠩ ᠬᠠᠶ ᠷᠦᠢ ᠴᠠᠭᠠᠨ ᠰᠠᠷ᠎ᠠ ᠠᠴᠠ ᠡᠮᠦᠨ᠎ᠡ ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/29
705470.jpg
   ᠯᠣᠣ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠳᠤᠭᠤᠶᠢᠯᠠᠩ ᠳᠠᠭᠠᠭᠤᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ᠂ ᠬᠦᠴᠢᠷᠳᠡᠯᠲᠡᠢ ᠤᠯᠠᠨ ᠲᠦᠮᠡᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠶᠣᠰᠣ ᠰᠤᠷᠲᠠᠬᠤᠨ ᠤ ᠵᠢᠱᠢᠶᠡᠴᠢ ᠨᠡᠷ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠪᠣᠯᠤᠨ ᠲᠣᠬᠤᠨᠢᠭᠤᠯᠬᠤ ᠪᠣᠳᠠᠰ ᠬᠦᠷᠭᠡᠵᠦ᠂ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃     ᠲᠣᠭᠤᠷᠢᠭ ᠤᠨ ᠤᠳᠤᠷᠢᠳᠤᠯᠭ᠎ᠠ ᠯᠠᠨ ᠮᠢᠩ ᠹᠠᠩ᠂ ᠱᠧᠨ ᠢᠦᠢ ᠰᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃      ᠺᠠᠩ ᠬᠠᠶ ᠷᠦᠢ ᠨᠠᠷ ᠶᠠᠭᠤᠨ ᠤ ᠡᠮᠦᠨ᠎ᠡ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠳᠤ ᠬᠦᠷᠴᠦ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ ᠡᠳᠦᠷ ᠲᠤᠲᠤᠮ ᠤᠨ ᠪᠣᠯᠪᠠᠰᠤᠷᠠᠯ᠂ ᠠᠵᠢᠯ ᠪᠠ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠣᠷᠳᠣ ᠬᠤᠭᠤᠴᠠᠭᠠᠨ ᠤ ᠲᠤᠷᠰᠢ ᠠᠶᠤᠯ ᠠᠴᠠ ᠠᠪᠤᠷᠠᠨ ᠲᠤᠰᠠᠯᠠᠬᠤ᠂ ᠭᠠᠯ ᠤᠨᠲᠠᠷᠠᠭᠠᠬᠤ ᠬᠢᠨᠠᠯᠲᠠ ᠲᠠᠯᠪᠢᠬᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ ᠺᠠᠩ ᠬᠠᠶ ᠷᠦᠢ ᠬᠡᠯᠡᠬᠦ ᠳᠡᠭᠡᠨ᠂ ᠭᠠᠯ ᠤᠨᠲᠠᠷᠠᠭᠠᠬᠤ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠂ ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠴᠤ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠬᠠᠯᠠᠮᠵᠢᠯᠠᠨ ᠳᠡᠮᠵᠢᠵᠦ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠤᠨ᠎ᠠ ᠭᠡᠵᠡᠶ᠃     ᠺᠠᠩ ᠬᠠᠢ ᠷᠦᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠠᠩ ᠬᠦᠢ ᠪᠦᠦ ᠶᠢᠨ ᠭᠡᠷ ᠲᠤ ᠢᠷᠡᠵᠦ᠂ ᠨᠠᠰᠤᠲᠠᠨ ᠤ ᠪᠡᠶ᠎ᠡ ᠲᠡᠩᠬᠡᠭᠡ᠂ ᠴᠤᠭ ᠵᠢᠪᠬᠤᠭ᠎ᠠ ᠲᠠᠢ ᠪᠠᠶᠢᠬᠤ ᠶᠢ ᠬᠠᠷᠠᠭᠠᠳ ᠲᠦᠢᠯ ᠢᠶᠠᠷ ᠪᠠᠶᠠᠷᠯᠠᠵᠤ᠂ ᠲᠡᠭᠦᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ  ᠲᠤᠭᠤᠷᠢᠭ ᠤᠨ ᠨᠠᠮ ᠤᠨ  ᠬᠤᠷᠢᠶ᠎ᠠ᠂  ᠲᠤᠭᠤᠷᠢᠭ ᠤᠨ  ᠵᠠᠰᠠᠭ ᠤᠨ ᠣᠷᠳᠣᠨ ᠤ ᠡᠮᠦᠨ᠎ᠡ ᠠᠴᠠ ᠲᠡᠭᠦᠨ ᠤ ᠭᠡᠷ ᠤᠨ ᠬᠥᠮᠦᠰ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠠᠬᠠᠮᠠᠳ ᠺᠠᠳ᠋ᠷᠴᠤᠳ ᠤᠨ ᠵᠢᠨᠢᠩ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠰᠠᠯᠬᠤ ᠲᠠᠰᠢᠷᠠᠮ ᠢᠶᠠᠷ᠂ ᠺᠠᠩ ᠬᠠᠢ ᠷᠦᠢ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠰᠡᠳᠬᠢᠯ ᠲᠠᠯᠪᠢᠨ ᠰᠠᠶᠢᠲᠤᠷ ᠬᠠᠷᠠᠭᠠᠯᠵᠠᠵᠤ᠂ ᠰᠠᠶᠢᠲᠤᠷ ᠦᠢᠯᠡᠴᠢᠯᠡᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠠᠮᠢᠳᠤᠷᠠᠯ ᠤᠨ ᠲᠠᠯ᠎ᠠ ᠪᠠᠷ ᠦᠷᠭᠦᠯᠵᠢ ᠢᠷᠡᠵᠤ᠂ ᠢᠯᠡᠭᠦᠬᠡᠨ ᠬᠠᠷᠠᠭᠠᠯᠵᠠᠵᠤ᠂ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠵᠠᠬᠢᠪᠠ᠃     ᠺᠠᠩ ᠬᠠᠢ ᠷᠦᠢ ᠶᠣᠰᠣ ᠰᠤᠷᠲᠠᠬᠤᠨ ᠤ ᠵᠢᠱᠢᠶᠡᠴᠢ ᠯᠢ ᠵᠢᠶᠠᠨ ᠵᠢᠶᠦ᠋ᠨ ᠤ ᠭᠡᠷ ᠲᠤ  ᠬᠦᠷᠴᠦ᠂ ᠲᠡᠭᠦᠨ ᠤ ᠦᠢᠯᠡ ᠠᠵᠢᠯᠯᠠᠭ᠎ᠠ ᠶᠢ ᠨᠠᠷᠢᠨ ᠣᠶᠢᠯᠠᠭᠠᠵᠤ᠂ ᠲᠡᠭᠦᠨ ᠢ ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ ᠳᠠᠭᠤᠷᠢᠶᠠᠯ ᠤᠨ ᠬᠦᠳᠦᠯᠦᠨ ᠳᠠᠭᠠᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠥᠭᠡᠳᠡᠯᠡᠨ ᠲᠠᠪᠰᠢᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠬᠤ ᠶᠢ ᠵᠣᠷᠢᠭᠵᠢᠭᠤᠯᠪᠠ᠃ ᠺᠠᠩ ᠬᠠᠶ ᠷᠦᠢ ᠴᠢᠬᠤᠯᠠᠴᠢᠯᠠᠬᠤ ᠳᠠᠭᠠᠨ᠂ ᠶᠣᠰᠣ ᠮᠣᠷᠠᠯ ᠤᠨ ᠵᠢᠱᠢᠶᠡᠴᠢ ᠪᠣᠯ ᠨᠡᠶᠢᠭᠡᠮ ᠤᠨ ᠣᠶᠤᠨ ᠤ ᠪᠣᠯᠪᠠᠰᠤᠨ ᠤ ᠬᠡᠪ ᠳᠠᠭᠤᠷᠢᠶᠠᠯ ᠮᠥᠨ᠂ ᠶᠣᠰᠣ ᠮᠣᠷᠠᠯ ᠤᠨ ᠵᠢᠱᠢᠶᠡᠴᠢ ᠶᠢᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠵᠤ᠂ ᠰᠠᠶᠢᠨ ᠬᠥᠮᠦᠨ ᠰᠠᠶᠢᠨ ᠬᠠᠷᠢᠭᠤ ᠤᠯᠬᠤ᠂ ᠶᠣᠰᠣ ᠮᠣᠷᠠᠯ ᠲᠠᠢ ᠬᠥᠮᠦᠨ ᠤ ᠥᠷᠲᠡᠭ ᠤᠨ ᠤᠳᠤᠷᠢᠳᠤᠮᠵᠢ ᠶᠢ ᠢᠳᠡᠪᠬᠢᠲᠡᠶ ᠰᠠᠨᠠᠭᠠᠴᠢᠯᠠᠵᠤ᠂ ᠥᠯᠢᠭᠡᠷ ᠳᠠᠭᠤᠷᠢᠶᠠᠯ ᠤᠨ ᠬᠦᠴᠦᠨ ᠢ ᠶᠣᠰᠣ ᠮᠣᠷᠠᠯ ᠤᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠶᠢᠭᠡᠮ ᠳᠠᠶᠠᠭᠠᠷ ᠲᠤ ᠶᠣᠰᠣ ᠮᠣᠷᠠᠯ ᠢ ᠡᠷᠬᠢᠮᠯᠡᠨ ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠶᠣᠰᠣ ᠮᠣᠷᠠᠯ ᠢᠶᠠᠷ ᠳᠡᠯᠡᠬᠡᠶ ᠳ᠋ᠠᠬᠢᠨ ᠢ ᠵᠣᠷᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠶ᠃     ᠲᠣᠬᠤᠨᠢᠭᠤᠯᠬᠤ ᠶᠠᠪᠤᠴᠠ ᠳᠤ᠂ ᠺᠠᠩ ᠬᠠᠶ ᠷᠦᠢ ᠨᠠᠷ ᠪᠠᠰᠠ ᠠᠵᠢᠯ ᠤᠯᠬᠤ ᠳᠤ ᠬᠦᠴᠢᠷᠲᠡᠶ ᠬᠥᠮᠦᠰ ᠸᠠᠩ  ᠽᠤ᠋ ᠢᠩ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠳ᠋ᠦᠩ ᠯᠢ ᠶᠦᠨ᠂ ᠬᠦᠴᠢᠷᠳᠡᠯᠲᠡᠶ ᠨᠠᠮ ᠤᠨ ᠭᠡᠰᠢᠭᠦᠨ ᠮᠢ ᠷᠦ ᠶᠢᠨ ᠤ ᠭᠡᠷ ᠲᠤ ᠬᠦᠷᠴᠦ᠂ ᠲᠡᠳᠡᠨ ᠲᠠᠢ ᠵᠣᠭᠤᠭ ᠳᠡᠯᠭᠡᠵᠦ᠂  ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠠᠷᠤᠯᠭ᠎ᠠ ᠪᠠ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠲᠡᠳᠡᠨ ᠢ ᠪᠠᠶᠠᠰᠤᠩᠭᠤᠶ᠂ ᠢᠳᠡᠪᠬᠢᠲᠡᠶ ᠠᠮᠢᠳᠤᠷᠠᠯ ᠤᠨ ᠣᠪᠣᠷ ᠲᠠᠢ ᠪᠠᠶᠢᠵᠤ ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷᠳᠡᠯ ᠠᠴᠠ ᠡᠷᠲᠡᠬᠡᠨ ᠠᠩᠭᠢᠵᠢᠷᠠᠵᠤ᠂ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠢᠯᠡᠭᠦᠬᠡᠨ ᠬᠠᠯᠠᠮᠵᠢᠯᠠᠨ ᠠᠩᠬᠠᠷᠴᠤ᠂ ᠲᠡᠳᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠠᠵᠢᠯ ᠣᠯᠭᠤᠯᠲᠠ ᠪᠣᠯᠤᠨ ᠡᠮ ᠡᠮᠨᠡᠯᠭᠡ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠤᠯᠠᠨ ᠢᠶᠠᠷ ᠢᠶᠠᠨ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2