| | | | | | | 1 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2024 | ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ᠃ | ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 | ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ᠂ ᠲᠥᠪ ᠤᠨ ᠭᠠᠳᠠᠭᠠᠳᠤ ᠶᠠᠪᠤᠳᠠᠯ ᠤᠨ ᠠᠵᠢᠯ ᠵᠡᠷᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠨᠡᠶᠢᠲᠡᠯᠡᠭᠰᠡᠨ 2024 ᠣᠨ ᠤ ᠰᠢᠨ᠎ᠡ ᠵᠢᠯ ᠤᠨ ᠪᠠᠶᠠᠷ ᠤᠨ | ᠦᠭᠡ ᠶᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ | ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠢᠯᠢᠳᠡᠭ ᠰᠤᠷᠲᠠᠯ ᠢ ᠴᠢᠨᠠᠭᠰᠢᠳᠠ ᠪᠠᠳᠠᠷᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠶᠠᠪᠤᠵᠤ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ | ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ | ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ | ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠮᠠᠨ ᠤ | ᠲᠤᠭᠤᠷᠢᠭ ᠤᠨ 2023 ᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ 2024 ᠣᠨ ᠤ ᠠᠵᠤ | ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ | ᠲᠤᠭᠤᠷᠢᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ | ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠵᠢᠷᠭᠤᠭᠠᠨ ᠢᠨᠵᠧᠨᠧᠷᠢᠩ︾᠂ ︽ | ᠲᠤᠯᠤᠭᠠᠨ ᠲᠠᠯ᠎ᠠ︾ ᠶᠢᠨ ᠭᠤᠣᠯᠳᠠᠯᠭ᠎ᠠ ᠲᠠᠢ ᠡᠭᠦᠷᠭᠡ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ | ᠠᠵᠤ ᠦᠢᠯᠡᠰ ᠢ ᠠᠭᠤᠰᠤᠯᠴᠠᠭᠤᠯᠬᠤ︾ ᠶᠢ ᠠᠬᠢᠭᠤᠯᠬᠤ ᠰᠢᠨ᠎ᠡ ᠵᠠᠮ ᠲᠠᠢ ᠬᠠᠷᠢᠴᠠᠭᠤᠯᠵᠤ᠂ ᠮᠠᠨ ᠤ | ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠭᠠᠷᠳᠠᠬᠤ ᠴᠡᠭ ᠪᠣᠯᠤᠨ ᠰᠢᠪᠲᠤᠯᠤᠯᠲᠠ ᠶᠢᠨ ᠴᠡᠭ ᠢ | ᠣᠨᠣᠪᠴᠢᠲᠠᠢ ᠣᠯᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ | ᠥᠭᠬᠦ ᠲᠦᠷᠢᠮ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ︽ᠲᠦᠷᠢᠮ | ︾ ᠳᠤ ᠵᠠᠰᠠᠪᠤᠷᠢ ᠣᠷᠣᠭᠤᠯᠤᠭᠰᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠤᠷᠤᠯᠴᠠᠨ | ᠤᠬᠠᠭᠤᠯᠬᠤ ᠶᠢ ᠪᠣᠳᠠᠲᠠᠢ ᠠᠳᠬᠤᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ | ᠰᠡᠷᠭᠡᠶᠢᠯᠡᠨ ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽2024 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ | ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠣᠨᠴᠠᠭᠠᠶ ᠬᠦᠴᠢᠷᠳᠡᠯᠲᠡᠶ ᠬᠠᠮᠲᠤᠯᠢᠭ ᠢ ᠬᠠᠯᠠᠮᠵᠢᠯᠠᠨ ᠲᠡᠳᠬᠦᠬᠦ ᠶᠢ ᠴᠢᠩᠭᠠᠳᠬᠠᠨ᠂ ᠬᠥᠯᠥᠰᠥᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠠᠲᠤᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ | ᠥᠯᠵᠡᠶ ᠪᠡᠯᠭᠡ ᠲᠠᠢ ᠰᠢᠨ᠎ᠡ ᠵᠢᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠶᠠᠷ ᠤᠨ | ᠡᠳᠦᠷ ᠤᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ | ᠬᠢᠵᠦ᠂ ᠬᠤᠳᠠ ᠶᠢᠨ ᠠᠷᠠᠳ ᠤᠨ ᠤᠯᠠᠨ ᠶᠠᠩᠵᠤᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ | ᠰᠣᠶᠣᠯ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠤᠯᠠᠨ ᠲᠦᠮᠡᠨᠴᠢ ᠴᠢᠨᠠᠷᠲᠠᠢ | ᠰᠢᠷᠢᠰ ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ | ᠬᠠᠩᠭᠠᠬᠤ ᠬᠡᠷᠡᠭᠲᠡᠢ᠃ ᠤᠷᠢᠳᠴᠢᠯᠠᠨ ᠲᠣᠬᠢᠷᠠᠭᠤᠯᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠠᠲᠤᠯᠠᠭ᠎ᠠ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠬᠠᠮᠢᠶ᠎ᠠ | ᠪᠥᠬᠦᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠡᠯ᠎ᠡ | ᠲᠥᠷᠥᠯ ᠤᠨ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠵᠢᠵᠢᠭᠦᠷᠯᠡᠨ ᠰᠠᠬᠢᠬᠤ ᠶᠢ ᠬᠢᠨᠠᠮᠠᠭᠠᠢ ᠰᠠᠶᠢᠲᠤᠷ ᠬᠢᠵᠦ᠂ ᠵᠢᠵᠢᠭᠦᠷᠯᠡᠬᠦ ᠬᠦᠴᠦᠨ ᠢ ᠭᠦᠢᠴᠡᠳ ᠳᠤᠬᠢᠷᠠᠭᠤᠯᠵᠤ᠂ ᠡᠯ᠎ᠡ | ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ | ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | ᠤᠷᠴᠢᠭᠤᠯᠤᠭᠴᠢ᠄ ᠲᠤᠶᠠᠭ᠎ᠠ |