ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ  ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/1/4
705470.jpg
      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ‍ᠤᠨ‌ᠠᠵᠤ ᠠᠬᠤᠶ ᠶᠢᠨ ᠠᠵᠢᠯ ᠤᠨ ᠬᠤᠷᠠᠯ 2024 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠬᠤᠷᠠᠯᠳᠤᠪᠠ᠃       ᠡᠨᠡ ᠤᠳᠠᠭ᠎ᠠ ᠶᠢᠨ ᠪᠥᠬᠦᠳᠡ ᠬᠤᠷᠠᠯ ᠳᠤ ᠣᠷᠣᠯᠴᠠᠭᠰᠠᠳ ᠲᠤ  ᠲᠤᠭᠤᠷᠢᠭ ᠤᠨ  ᠨᠠᠮ ᠤᠨ ᠬᠤᠷᠢᠶᠠᠨ ᠤ ᠭᠡᠰᠢᠭᠦᠨ 39 ᠬᠥᠮᠦᠨ᠂ ᠣᠷᠣᠯᠠᠭᠴᠢ ᠭᠡᠰᠢᠭᠦᠨ 3 ᠬᠥᠮᠦᠨ ᠪᠤᠢ᠃  ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠵᠦ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠤᠰ ᠲᠤᠰ ᠶᠠᠷᠢᠶ᠎ᠠ ᠲᠠᠯᠪᠢᠵᠠᠶ᠃       ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠩ ᠶᠦᠩ ᠸᠧᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃     ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠦᠨᠡᠯᠡᠪᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠬᠠᠮᠰᠠᠷ ᠢᠶᠠᠨ ᠨᠡᠩ ᠪᠠᠲᠤᠳᠬᠠᠵᠤ᠂ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠶᠠᠷ ᠶᠡᠭᠡ ᠶᠠᠪᠤᠳᠠᠯ  ᠦᠷ᠎ᠡ ᠪᠦᠲᠦᠭᠡᠯ ᠣᠯᠵᠤ᠂ ᠠᠵᠤ ᠠᠬᠤᠢ ᠶᠢᠨ ᠬᠥᠭᠵᠢᠯᠲᠡ ᠶᠢ ᠲᠦᠷᠭᠡᠨ ᠪᠥᠭᠡᠳ ᠯᠠᠪᠳᠠᠭᠤᠨ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ ᠳᠡᠭᠡᠭᠰᠢᠯᠡᠭᠦᠯᠵᠦ᠂ ᠤᠯᠤᠰ ᠲᠦᠷᠦ ᠶᠢᠨ ᠠᠮᠢ ᠠᠬᠤᠢ ᠶᠢᠨ ᠬᠡᠪ ᠰᠤᠷᠲᠠᠯ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠪᠦᠬᠦ  ᠲᠤᠭᠤᠷᠢᠭ ᠤᠨ ᠡᠯ᠎ᠡ ᠵᠦᠢᠯ ᠤᠨ ᠠᠵᠢᠯ  ᠰᠢᠨ᠎ᠡ ᠦᠷ᠎ᠡ ᠪᠦᠲᠦᠮᠵᠢ ᠤᠯᠪᠠ᠃     ᠪᠥᠬᠦᠳᠡ ᠬᠤᠷᠠᠯ  ᠠᠴᠠ᠂ ᠨᠢᠭᠡ ᠵᠢᠯ ᠤᠨ ᠲᠤᠷᠰᠢᠬᠢ ᠦᠢᠯᠡᠳᠦᠯᠭᠡ ᠨᠢ ᠪᠢᠳᠡᠨ ᠳᠤ᠄ ᠡᠷᠬᠡᠪᠰᠢ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ  ᠪᠡᠶᠡᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠵᠢᠭᠠᠭᠰᠠᠨ ᠴᠢᠭᠯᠡᠯ  ᠢᠶᠠᠷ ᠭᠤᠶᠢᠪᠢᠰᠢ ᠦᠭᠡᠶ ᠡᠷᠡᠯᠬᠡᠭᠯᠡᠨ ᠤᠷᠤᠭᠰᠢᠯᠠᠬᠤ ᠬᠡᠷᠡᠭᠲᠡᠶ ᠃᡽ ᠤᠷᠤᠭᠰᠢᠯᠠᠨ ᠲᠠᠪᠰᠢᠬᠤ ᠤᠬᠠᠮᠰᠠᠷ ᠢ ᠪᠤᠢ ᠪᠣᠯᠭᠠᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠵᠣᠷᠢᠭᠲᠠᠶ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠶ ᠃ ᠡᠷᠬᠡᠪᠰᠢ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠢᠮᠠᠭᠲᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠶ ᠃ ᠡᠷᠬᠡᠪᠰᠢ ᠬᠥᠭᠵᠢᠯᠲᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠪᠠᠨ ᠲᠥᠪ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠳᠣᠯᠤᠭ᠎ᠠ ᠶᠢ ᠲᠠᠶᠠᠭᠳᠠᠬᠤ︾ ︽ᠵᠢᠷᠭᠤᠭ᠎ᠠ ᠶᠢ ᠬᠤᠪᠢᠷᠠᠭᠤᠯᠬᠤ︾ ᠶᠢ  ᠪᠡᠶᠡᠯᠡᠭᠦᠯᠬᠦ ᠬᠡᠷᠡᠭᠲᠡᠶ ᠃ ᠡᠷᠬᠡᠪᠰᠢ ᠤᠳᠤᠷᠢᠳᠤᠯᠭ᠎ᠠ ᠲᠦᠷᠦᠭᠦᠯᠡᠬᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠤᠨ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃      ᠪᠥᠬᠦᠳᠡ ᠬᠤᠷᠠᠯ ᠠᠴᠠ  ᠵᠢᠭᠠᠭᠰᠠᠨ ᠨᠢ ᠂ ᠡᠨᠡ ᠵᠢᠯ ᠤᠨ ᠪᠥᠬᠦ  ᠲᠤᠭᠤᠷᠢᠭ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ  ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠠᠪᠤᠨ ᠵᠦᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ  ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠨᠢᠩ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠵᠥᠪ ᠢᠶᠠᠷ ᠲᠠᠨᠢᠨ ᠲᠡᠭᠦᠨ ᠳᠤ ᠬᠠᠨᠳᠤᠵᠤ᠂ ᠬᠥᠭᠵᠢᠯᠲᠡ ᠶᠢ ᠶᠡᠭᠡ ᠪᠠᠷ ᠠᠳᠬᠤᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠷᠠᠭᠤᠯᠵᠤ᠂ ᠠᠵᠠ ᠲᠣᠬᠢᠶᠠᠯ ᠢ ᠠᠮᠵᠢᠨ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠥᠷᠢᠰᠥᠯᠳᠦᠭᠡᠨ ᠳᠤ ᠰᠢᠭᠤᠳ ᠬᠠᠨᠳᠤᠵᠤ ᠬᠦᠴᠢᠷ ᠢ ᠰᠦᠷᠦᠨ ᠤᠷᠤᠭᠰᠢᠯᠠᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠶ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ︽ᠵᠢᠷᠭᠤᠭᠠᠨ ᠢᠨᠵᠧᠨᠧᠷᠢᠩ︾ ᠢ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠬᠠᠲᠠᠭᠤ ᠲᠤᠯᠭᠠᠭᠤᠷᠢ ᠪᠣᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠢᠨᠵᠧᠨᠧᠷᠢᠩ ᠪᠣᠯᠭᠠᠨ ᠠᠳᠬᠤᠬᠤ ᠬᠡᠷᠡᠭᠲᠡᠢ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠳᠤ ᠴᠢᠭᠯᠡᠭᠦᠯᠦᠨ᠂ ᠪᠥᠬᠦ ᠬᠦᠴᠦᠨ ᠢᠶᠠᠷ ᠢᠶᠠᠨ ᠳᠡᠮᠵᠢᠯᠭᠡ ᠤᠯᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ  ᠃ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ︾ ᠳᠤ ᠴᠢᠭᠯᠡᠭᠦᠯᠦᠨ᠂ ᠡᠯᠡᠰᠦ ᠶᠢ ᠲᠣᠭᠲᠠᠪᠤᠷᠢᠵᠢᠭᠤᠯᠬᠤ᠂ ᠨᠣᠭᠤᠭᠠᠷᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠦᠨ᠎ᠡ ᠃ ︽ᠳᠤᠯᠠᠭᠠᠯᠠᠬᠤ ᠢᠨᠵᠧᠨᠧᠷᠢᠩ︾ ᠳᠤ ᠴᠢᠭᠯᠡᠭᠦᠯᠦᠨ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠲᠥᠪᠯᠡᠷᠡᠭᠦᠯᠦᠨ ᠪᠣᠭᠤᠮᠲᠠ ᠰᠢᠪᠲᠤᠯᠤᠨ ᠰᠢᠢᠳᠪᠦᠷᠢᠯᠡᠵᠦ᠂ ᠤᠯᠠᠨ ᠲᠦᠮᠡᠨ ᠢ ᠡᠪᠦᠯ ᠢ ᠳᠤᠯᠠᠭᠠᠬᠠᠨ‌ᠥᠩᠭᠡᠷᠡᠭᠦᠯᠬᠦ ᠬᠡᠷᠡᠭᠲᠡᠢ ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠳᠤ ᠴᠢᠭᠯᠡᠭᠦᠯᠦᠨ᠂ ᠲᠦᠷᠢᠮ ᠲᠣᠭᠲᠠᠴᠠ ᠶᠢ ᠪᠦᠷᠢᠨᠰᠢᠬᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠨᠡᠶᠢᠭᠡᠮ ᠤᠨ ᠦᠨᠡᠨᠴᠢ ᠢᠲᠡᠭᠡᠮᠵᠢᠲᠡᠶ ᠪᠠᠶᠢᠬᠤ ᠶᠢ ᠬᠥᠲᠥᠯᠦᠨ ᠵᠢᠯᠣᠭᠤᠳᠤᠨ᠎ᠠ ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ︾ ᠳᠤ ᠴᠢᠭᠯᠡᠭᠦᠯᠵᠦ᠂ ᠠᠵᠤ ᠦᠢᠯᠡᠰ ᠤᠨ  ᠬᠡᠯᠬᠢᠶ᠎ᠡ᠂ ᠰᠢᠨ᠎ᠡ ᠶᠢ ᠡᠭᠦᠳᠬᠦ  ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠨ᠎ᠠ ᠃ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠴᠢᠭᠯᠡᠭᠦᠯᠦᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠣᠷᠣᠯᠴᠠᠵᠤ᠂ ᠮᠠᠨ ‍ᠤ‌‍ᠲ᠋ᠤᠭᠤᠷᠢᠭ ᠤᠨ ᠤᠮᠠᠷᠠᠰᠢ ᠨᠡᠭᠡᠭᠡᠯᠲᠡ ᠬᠢᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠨ᠎ᠠ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠡᠯ᠎ᠡ ᠲᠦᠷᠦᠯ ᠤᠨ ᠠᠵᠢᠯ ᠳᠠᠭᠠᠨ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠠᠶᠢᠩᠭᠤ ᠪᠦᠲᠦᠮᠵᠢᠲᠡᠢ ᠠᠳᠬᠤᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ︽ᠤᠮᠠᠷᠠᠲᠤ ᠶᠢᠨ ᠰᠣᠶᠣᠯ︾ ᠢ ᠶᠡᠬᠡᠪᠡᠷ ᠪᠠᠳᠠᠷᠠᠭᠤᠯᠵᠤ᠂ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠤᠶᠤᠨ ᠰᠠᠨᠠᠭᠠᠨ ᠤ ᠲᠦᠰᠢᠯᠴᠡᠯ ᠢ ᠠᠬᠢᠭᠤᠯᠬᠤ ᠬᠡᠷᠡᠭᠲᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠬᠦᠴᠦᠯᠡᠴᠡ ᠶᠢᠨ ᠴᠡᠭ ᠪᠣᠯᠭᠠᠵᠤ ᠴᠢᠨᠠᠷ ᠰᠠᠶᠢᠲᠠᠢ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠶᠢ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠷᠪᠢᠯᠠᠨ ᠭᠠᠮᠨᠠᠵᠤ ᠡᠷᠴᠢᠮᠵᠢᠭᠦᠯᠬᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠤᠯᠠᠭᠠᠨ ᠱᠤᠭᠤᠮ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ︽ᠭᠤᠷᠪᠠᠨ ᠱᠤᠭᠤᠮ︾ ᠢ  ᠪᠠᠲᠤ ᠰᠠᠬᠢᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ︽ᠭᠤᠷᠪᠠᠨ ᠶᠠᠪᠤᠳᠠᠯ︾ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠬᠤᠯᠠ ᠡᠨᠧᠷᠭᠢ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠥᠷᠪᠡ ᠳᠤ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠶᠢᠨ ᠲᠣᠭᠤᠷᠢᠨ ᠳᠤ᠂ ︽ᠠᠮᠤ ᠪᠤᠳᠠᠭ᠎ᠠ᠂ ᠮᠢᠬ᠎ᠠ᠂  ᠰᠦ︾ ᠭᠤᠷᠪᠠᠨ ᠭᠤᠤᠯᠳᠠᠯᠭ᠎ᠠ ᠲᠠᠢ ᠭᠠᠷᠤᠯᠲᠠ ᠶᠢ ᠲᠣᠭᠲᠠᠪᠤᠷᠢᠵᠢᠭᠤᠯᠬᠤ᠂ ᠡᠭᠦᠯᠳᠡᠷ ᠤᠨ ᠢᠷᠡᠯᠲᠡ ᠶᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠨᠠᠷᠠᠲᠤ ᠲᠡᠮᠳᠡᠭᠲᠦ ᠶᠢ ᠱᠤᠭᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠤ ᠳᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠣᠳᠣᠯᠬᠢᠯᠠᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠤᠮᠠᠷᠠᠰᠢ ᠨᠡᠭᠡᠭᠡᠯᠲᠡ ᠬᠢᠵᠦ ᠬᠠᠷᠢᠯᠴᠠᠨ ᠬᠥᠳᠡᠯᠦᠯᠴᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠲᠠᠪᠤᠨ ᠵᠦᠢᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢ  ᠭᠤᠶᠢᠪᠢᠰᠢ ᠦᠭᠡᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠬᠡᠷᠡᠭᠲᠡᠢ᠃ ᠨᠢᠭᠡ ᠳᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠷᠳᠤᠴᠠ ᠶᠢ ᠳᠡᠭᠡᠭᠰᠢᠯᠡᠭᠦᠯᠦᠨ ᠬᠤᠳᠠᠯᠳᠤᠭᠠᠴᠢᠨ ᠤᠷᠢᠬᠤ᠂ ᠪᠥᠲᠥᠭᠡᠨ ᠪᠠᠶᠢᠭᠤᠯᠤᠯᠲᠠ ᠶᠢ ᠠᠳᠬᠤᠬᠤ᠂ ᠪᠠᠲᠤᠯᠠᠭ᠎ᠠ ᠶᠢ ᠠᠳᠬᠤᠨ᠎ᠠ᠃ ᠬᠤᠶᠠᠷ ᠲᠤ᠂ ᠭᠤᠷᠪᠠᠨ ᠠᠵᠤ ᠦᠶᠯᠡᠰ  ᠢ ᠬᠦᠭᠵᠢᠬᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠬᠥᠭᠵᠢᠭᠦᠯᠵᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠲᠥᠪᠯᠡᠷᠡᠭᠦᠯᠵᠦ ᠲᠠᠷᠬᠠᠭᠠᠬᠤ ᠲᠥᠪ ᠢ ᠪᠥᠲᠥᠭᠡᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠨ ᠨᠢᠭᠡᠳᠦᠭᠡᠷ ᠠᠵᠤ ᠦᠶᠯᠡᠰ ᠢ ᠪᠤᠵᠠᠭᠠᠶᠢᠷᠠᠭᠤᠯᠵᠤ᠂ ︽ᠰᠢᠨ᠎ᠡ ᠮᠠᠲ᠋ᠧᠷᠢᠶᠠᠯ᠂ ᠹᠯᠣᠷ ᠬᠢᠮᠢ ᠶᠢᠨ ᠠᠵᠤ ᠦᠶᠯᠡᠳᠪᠦᠷᠢ᠂ ᠲᠣᠮᠣ ᠳ᠋ᠠᠶᠢᠲ᠋ᠠ︾ ᠭᠤᠷᠪᠠᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠨ ᠬᠤᠶᠠᠳᠤᠭᠠᠷ ᠠᠵᠤ ᠦᠶᠯᠡᠰ ᠢ ᠬᠦᠴᠦᠷᠬᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠭᠤᠷᠪᠠᠳᠤᠭᠠᠷ ᠠᠵᠤ ᠦᠶᠯᠡᠰ ᠢ ᠰᠢᠯᠢᠳᠡᠭᠵᠢᠭᠦᠯᠦᠨ᠎ᠡ᠃ ᠭᠤᠷᠪᠠ ᠳᠤ᠂ ︽ᠮᠢᠩᠭᠠᠨ ᠲᠦᠮᠡ ᠶᠢᠨ ᠢᠨᠵᠧᠨᠧᠷᠢᠩ︾ ᠢ ᠬᠡᠷᠡᠭᠵᠢᠭᠦᠯᠵᠦ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ︽ᠬᠥᠭᠵᠢᠬᠦ︾᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ︽ᠭᠤᠶᠤ ᠰᠠᠶᠢᠬᠠᠨ︾᠂ ᠬᠥᠳᠡᠭᠡ ᠲᠣᠰᠬᠤᠨ ᠤ ᠵᠠᠰᠠᠯᠲᠠ ︽ᠬᠦᠴᠦᠷᠬᠡᠭᠵᠢᠬᠦ︾ ᠶᠢ ᠠᠬᠢᠭᠤᠯᠬᠤ ᠬᠡᠷᠡᠭᠲᠡᠢ᠃ ᠲᠦᠷᠪᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠤᠯᠠᠭᠠᠯᠠᠭ᠎ᠠ᠂ ᠣᠷᠣᠨ ᠰᠠᠭᠤᠴᠠ᠂ ᠬᠡᠢ ᠬᠠᠩᠭᠠᠬᠤ᠂ ᠠᠵᠢᠯ ᠣᠯᠭᠤᠬᠤ ︽ᠲᠦᠷᠪᠡᠨ ᠪᠠᠲᠤᠯᠠᠭ᠎ᠠ︾ ᠶᠢ ᠰᠠᠶᠢᠲᠤᠷ ᠬᠢᠵᠦ᠂ ᠰᠤᠷᠭᠠᠭᠤᠯᠢ ᠳᠤ ᠣᠷᠣᠬᠤ᠂ ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ︽ᠭᠤᠷᠪᠠᠨ ᠣᠶᠢᠷᠠᠯᠴᠠᠭ᠎ᠠ ᠭᠠᠵᠠᠷ︾ ᠢ ᠪᠡᠶᠡᠯᠡᠭᠦᠯᠦᠨ᠎ᠡ᠃ ᠲᠠᠪᠤ ᠳᠤ᠂ ᠦᠨᠡᠨᠴᠢ ᠢᠲᠡᠭᠡᠮᠵᠢ ᠶᠢᠨ  ᠰᠢᠰᠲ᠋ᠧᠮ ᠢ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ︽ᠭᠤᠷᠪᠠᠨ ᠶᠡᠭᠡ ᠦᠨᠡᠨᠴᠢ ᠢᠲᠡᠭᠡᠮᠵᠢ︾ ᠪᠠ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ ᠰᠠᠶᠢᠬᠠᠨ ᠲᠦᠷᠢ ᠲᠥᠷᠬᠦ ᠶᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ  ᠪᠤᠢ ᠪᠤᠯᠭᠠᠨ᠎ᠠ ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠡᠷᠳᠡᠮ ᠴᠢᠳᠠᠪᠤᠷᠢ ᠶᠢᠨ ᠤᠬᠠᠮᠰᠠᠷ ᠢᠶᠠᠨ ᠪᠠᠲᠤᠳᠬᠠᠵᠤ᠂ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ ᠳᠤᠮᠳᠠ ᠪᠠᠨ ᠦᠨᠡᠨᠴᠢ ᠰᠢᠳᠤᠷᠭᠤ ᠶᠢ ᠲᠠᠶᠢᠯᠪᠤᠷᠢᠯᠠᠵᠤ᠂  ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠳᠤᠮᠳᠠ ᠦᠷᠳᠡᠭ ᠢ ᠢᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠤᠯᠤᠰ ᠲᠦᠷᠦ ᠶᠢᠨ ᠪᠠᠲᠤᠯᠠᠭ᠎ᠠ ᠶᠢ ᠲᠠᠰᠤᠷᠠᠯᠳᠡ ᠦᠭᠡᠢ ᠪᠠᠲᠤᠳᠬᠠᠬᠤ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂  ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠃ ᠦᠷ᠎ᠡ ᠪᠦᠲᠦᠮᠵᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠃ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ ᠂ ᠣᠳᠣᠬᠠᠨ ᠳᠤ ᠶᠠᠭ ᠵᠢᠯ ᠤᠨ ᠡᠴᠦᠰ ᠵᠢᠯ ᠤᠨ ᠡᠬᠢᠨ ᠳᠤ ᠪᠠᠶᠢᠭ᠎ᠠ ᠪᠣᠯᠬᠤᠷ ᠣᠨᠴᠠᠭᠠᠶ ᠴᠠᠭ ᠠᠭᠤᠷ ᠢ ᠠᠷᠭᠠᠴᠠᠬᠤ ᠪᠡᠯᠡᠳᠬᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠬᠥᠯᠥᠰᠥᠨ ᠠᠵᠢᠯᠴᠢᠨ ᠤ ᠴᠠᠯᠢᠩ ᠢ ᠣᠯᠭᠤᠬᠤ᠂ ᠬᠦᠴᠢᠷᠳᠡᠯ ᠲᠠᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠡᠪᠦᠯ ᠢ ᠳᠤᠯᠠᠭᠠᠬᠠᠨ ᠥᠩᠭᠡᠷᠡᠭᠦᠯᠬᠦ᠂ ᠪᠠᠶᠠᠷ ᠳᠤᠷᠠᠰᠬᠠᠯ ᠤᠨ ᠡᠳᠦᠷ ᠢ ᠬᠠᠯᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠯᠢ ᠶᠢᠨ ᠳ᠋ᠦᠩ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃       ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠠᠳᠠ ᠴᠢᠯᠠᠭᠤ ᠮᠡᠲᠦ ᠡᠷᠡᠰ ᠵᠣᠷᠢᠭ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ ᠬᠠᠲᠠᠭᠤᠵᠢᠯᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠵᠢᠨᠢᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠵᠦ᠂ ᠵᠢᠨᠢᠩ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ︕                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2