| | | | | | 1 ᠳ᠋ᠦ᠋ᠭᠡᠷ ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ | ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃ | ᠡᠨᠡ ᠤᠳᠠᠭ᠎ᠠ ᠶᠢᠨ ᠬᠤᠷᠠᠯ ᠳᠤ ᠣᠷᠣᠯᠴᠠᠭᠰᠠᠳ ᠲᠤ᠂ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ | 39 ᠬᠥᠮᠦᠨ᠂ ᠣᠷᠣᠯᠠᠭᠴᠢ ᠭᠡᠰᠢᠭᠦᠨ 3 ᠬᠥᠮᠦᠨ ᠪᠤᠢ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠳᠠ ᠶᠢᠨ | ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ | ᠲᠣᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠵᠦ᠂ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠤᠰ ᠲᠤᠰ ᠶᠠᠷᠢᠶ᠎ᠠ ᠲᠠᠯᠪᠢᠵᠠᠶ᠃ | ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ | ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠵᠠᠩ ᠶᠦᠩ ᠸᠧᠨ | ᠨᠦᠬᠦᠷ ᠤᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ | ᠠᠵᠢᠯ ᠤᠨ ᠮᠡᠳᠡᠭᠦᠯᠦᠯᠲᠡ᠂ ᠶᠠᠷᠢᠶ᠎ᠠ ᠪᠣᠯᠤᠨ ᠺᠠᠩ ᠬᠠᠶ ᠷᠦᠢ ᠨᠥᠬᠦᠷ ᠤᠨ ᠶᠠᠷᠢᠶ᠎ᠠ ᠶᠢ ᠰᠣᠨᠣᠰᠤᠨ ᠶᠠᠷᠢᠯᠴᠠᠵᠤ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ︽ᠯᠢ ᠶᠢᠨ | ᠳ᠋ᠦᠩ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ | ᠵᠥᠪᠰᠢᠶᠡᠷᠡᠬᠦ ᠲᠤᠬᠠᠶ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠭᠠᠳ᠂ 2023 ᠣᠨ ᠤ ᠠᠵᠤ ᠠᠬᠤᠶ ᠶᠢᠨ | ᠠᠵᠢᠯ ᠢ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ | ᠵᠠᠩ ᠶᠦᠩ ᠸᠧᠨ ᠵᠢᠭᠠᠭᠰᠠᠨ ᠨᠢ ᠂ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ | ᠵᠥᠪ ᠢᠶᠠᠷ ᠲᠠᠨᠢᠨ ᠲᠡᠭᠦᠨ ᠳᠤ ᠵᠥᠪ ᠢᠶᠠᠷ ᠬᠠᠨᠳᠤᠵᠤ᠂ ᠪᠠᠶᠢᠳᠠᠯ ᠢ ᠲᠠᠭᠠᠨ ᠠᠵᠢᠯᠯᠠᠵᠤ᠂ ᠢᠯᠠᠯᠲᠠ ᠶᠢᠨ ᠡᠷᠴᠢᠨ | ᠳᠡᠭᠡᠷ᠎ᠡ ᠤᠷᠤᠭᠰᠢᠯᠠᠵᠤ᠂ ᠠᠵᠤ ᠠᠬᠤᠶ ᠶᠢ ᠶᠡᠬᠡᠪᠡᠷ ᠠᠳᠬᠤᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠬᠤ | ᠬᠡᠷᠡᠭᠲᠡᠶ᠃ ᠡᠨᠡ ᠵᠢᠯ ᠤᠨ ᠠᠵᠤ ᠠᠬᠤᠢ ᠶᠢᠨ ᠠᠵᠢᠯ ᠤᠨ ᠱᠠᠭᠠᠷᠳᠠᠯᠭ᠎ᠠ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠤᠷᠤᠭᠰᠢᠯᠠᠯᠲᠠ ᠪᠠᠷ ᠲᠣᠭᠲᠠᠭᠤᠨ ᠢ | ᠠᠬᠢᠭᠤᠯᠵᠤ᠂ ᠰᠡᠷᠭᠦᠨ ᠰᠠᠶᠢᠵᠢᠷᠠᠬᠤ ᠠᠵᠤ ᠠᠬᠤᠢ ᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ | ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ | ᠨᠠᠮ ᠤᠨ ᠪᠠᠶᠢᠭᠤᠯᠤᠯᠲᠠ ᠪᠠᠷ ᠡᠯ᠎ᠡ ᠲᠠᠯ᠎ᠠ ᠶᠢᠨ ᠬᠢᠨ ᠢ ᠬᠦᠳᠦᠯᠦᠨ ᠳᠠᠭᠠᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠤᠯᠤᠰ ᠲᠦᠷᠦ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ | ᠵᠠᠩ ᠶᠦᠩ ᠸᠧᠨᠱᠠᠭᠠᠷᠳᠠᠭᠰᠠᠨ ᠨᠢ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠶ ᠪᠣᠯᠭᠠᠬᠤ ᠡᠨᠡᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠪᠦᠬᠦ | ᠲᠠᠯ᠎ᠠ ᠪᠠᠷ ᠲᠤᠭᠤᠰᠢᠯᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠬᠦᠴᠦᠯᠡᠴᠡ ᠶᠢᠨ ᠴᠡᠭ | ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠶᠢ ᠭᠤᠶᠢᠪᠢᠰᠢ ᠦᠭᠡᠶ ᠪᠠᠷᠢᠮᠲᠠᠯᠠᠵᠤ᠂ | ᠲᠠᠪᠤᠨ ᠵᠦᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠲᠤᠯᠭᠠᠭᠤᠷᠢᠯᠠᠯ ᠪᠣᠯᠭᠠᠵᠤ᠂ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠨᠤᠲᠤᠭ ᠤᠰᠤ ᠪᠠᠨ ᠰᠠᠬᠢᠨ | ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠦᠷ᠎ᠡ ᠠᠰᠢᠭ ᠢ ᠨᠡᠮᠡᠭᠳᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠢ ᠨᠡᠮᠡᠭᠳᠡᠭᠦᠯᠬᠦ ᠶᠢᠨ ᠲᠣᠭᠤᠷᠢᠨ ᠳᠤ᠂ | ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ | ᠴᠢᠬᠤᠯᠠ ᠡᠨᠧᠷᠭᠢ ᠶᠢᠨ ᠬᠥᠭᠵᠢᠯᠲᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠲᠤᠯᠠᠬᠤ᠂ ᠤᠮᠠᠷᠠᠰᠢ ᠨᠡᠭᠡᠭᠡᠯᠲᠡ ᠬᠢᠵᠦ ᠬᠠᠷᠢᠯᠴᠠᠨ ᠬᠥᠳᠡᠯᠦᠯᠴᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠺᠠᠩ ᠬᠠᠶ ᠷᠦᠢ ᠴᠢᠬᠤᠯᠠᠴᠢᠯᠠᠭᠰᠠᠨ ᠨᠢ ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠬᠢᠨᠠᠮᠠᠭᠠᠢ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶ᠎ᠡ ᠪᠣᠯᠤᠨ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠵᠡᠷᠭᠡ ᠠᠵᠢᠯᠯᠠᠭ᠎ᠠ ᠶᠢ ᠴᠢᠩᠭ᠎ᠠ ᠴᠡᠭᠴᠡᠯᠡᠨ | ᠵᠠᠰᠠᠵᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠬᠤᠳᠠ ᠶᠢᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ᠂ ᠭᠤᠶᠤᠵᠢᠭᠤᠯᠵᠦ ᠭᠡᠷᠡᠯᠳᠦᠬᠦᠯᠬᠦ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠠᠴᠠ ᠳᠤᠭᠤᠶᠢᠯᠠᠩ ᠬᠤᠪᠢᠶᠠᠨ ᠶᠠᠷᠢᠯᠴᠠᠵᠤ᠂ ᠬᠤᠷᠠᠯ ᠳᠤ | ᠣᠷᠣᠯᠴᠠᠭᠰᠠᠳ ᠭᠤᠣᠯ ᠰᠡᠳᠦᠪ ᠤᠨ ᠲᠣᠭᠤᠷᠢᠨ ᠳᠤ ᠪᠤᠳᠤᠭᠰᠠᠨ ᠢᠶᠠᠨ ᠶᠠᠷᠢᠵᠤ᠂ ᠥᠩᠭᠡᠷᠡᠭᠰᠡᠨ ᠨᠢᠭᠡ ᠵᠢᠯ ᠤᠨ | ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠣᠯᠤᠭᠰᠠᠨ ᠰᠢᠨ᠎ᠡ ᠠᠮᠵᠢᠯᠲᠠ ᠶᠢ ᠳᠡᠭᠡᠳᠦ | ᠬᠡᠮᠵᠢᠶ᠎ᠡ ᠪᠠᠷ ᠦᠨᠡᠯᠡᠪᠡ᠃ ᠤᠯᠠᠨ ᠢᠶᠠᠷ ᠢᠶᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ | ᠬᠥᠭᠵᠢᠯᠲᠡ ᠶᠢ ᠡᠷᠢᠯᠬᠢᠯᠡᠵᠦ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ | ᠲᠤᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ | ᠠᠬᠤᠶ ᠶᠢᠨ ᠠᠵᠢᠯ ᠤᠨ ᠬᠤᠷᠠᠯ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠠᠮᠵᠢᠯᠲᠠ ᠲᠠᠢ ᠲᠡᠭᠦᠰᠪᠡ᠃ | | | |