ᠵᠠᠩ ᠶᠦᠩ ᠸᠧᠨ ᠺᠠᠩ ᠬᠠᠶ ᠷᠦᠢ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ
ᠨᠡᠶᠢᠲᠡᠯᠡᠭᠰᠡᠨ ᠴᠠᠭ᠄
2024/1/5
 ᠰᠤᠷᠪᠤᠯᠵᠢᠯᠠᠭᠰᠠᠨ ᠵᠣᠴᠢᠨ᠄  ᠵᠠᠩ ᠶᠦᠩ ᠸᠧᠨ     ᠺᠠᠩ ᠬᠠᠢ ᠷᠦᠢ ᠰᠤᠷᠪᠤᠯᠵᠢᠯᠠᠭᠰᠠᠨ ᠴᠠᠭ᠄  2024-01-0108: 42     ᠬᠠᠭᠤᠴᠢᠨ ᠤᠨ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠪᠠᠶᠠᠷᠲᠤ ᠴᠠᠭ ᠮᠥᠴᠡ ᠳᠤ᠂ ᠪᠢᠳᠡ  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂  ᠲᠤᠭᠤᠷᠢᠭ  ᠲᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠠᠵᠢᠯ ᠠᠴᠠ ᠪᠠᠨ ᠠᠮᠠᠷᠠᠭᠰᠠᠨ ᠪᠦᠬᠦ ᠠᠬᠠᠮᠠᠳ ᠨᠥᠬᠦᠳ᠂ ᠵᠢᠨᠢᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕           ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ         ᠡᠳᠦᠭᠡ ᠠᠴᠠ ᠡᠬᠢᠯᠡᠵᠦ᠂ ᠬᠠᠪᠤᠷ ᠤᠨ ᠤᠯᠠᠷᠢᠯ ᠲᠠᠢ ᠳᠠᠬᠢᠨ ᠠᠭᠤᠯᠵᠠᠪᠠ᠃ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ  ᠴᠠᠭ ᠮᠥᠴᠡ ᠳᠤ᠂ ᠪᠢᠳᠡ  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠂ ᠲᠤᠭᠤᠷᠢᠭ ᠲᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠠᠵᠢᠯ ᠠᠴᠠ ᠪᠠᠨ ᠠᠮᠠᠷᠠᠭᠰᠠᠨ ᠪᠦᠬᠦ ᠠᠬᠠᠮᠠᠳ ᠨᠥᠬᠦᠳ᠂ ᠵᠢᠨᠢᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕        ᠴᠠᠭ ᠮᠥᠴᠡ ᠤᠷᠤᠭᠰᠢᠯᠠᠯᠲᠠ ᠶᠢᠨ ᠠᠯᠬᠤᠮ ᠢ ᠭᠡᠷᠡᠴᠢᠯᠡᠵᠦ᠂ ᠣᠨ ᠰᠠᠷ᠎ᠠ ᠲᠡᠮᠡᠴᠡᠯ ᠤᠨ ᠤᠯᠠ ᠮᠥᠷ ᠢ ᠲᠡᠮᠳᠡᠭᠯᠡᠨ᠎ᠡ᠃ ᠰᠠᠶ᠋ᠢᠬᠠᠨ ᠥᠩᠭᠡᠷᠡᠭᠰᠡᠨ 2023 ᠣᠨ ᠢ ᠡᠷᠭᠢᠴᠡᠭᠦᠯᠬᠦᠶ᠎ᠡ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂  ᠪᠣᠳᠠᠲᠠᠢ ᠠᠵᠢᠯᠯᠠᠨ ᠰᠢᠷᠭᠠᠭᠤ ᠬᠠᠲᠠᠭᠤᠵᠢᠯᠲᠠᠢ ᠤᠷᠤᠭᠰᠢᠯᠠᠵᠤ᠂ ᠤᠯᠠᠨ ᠤᠳᠠᠭ᠎ᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠨ ᠤᠳᠠᠭ᠎ᠠ ᠶᠢᠨ ᠪᠣᠳᠠᠲᠠᠢ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠡᠷᠡᠮᠡᠬᠡᠶᠢᠯᠡᠨ ᠲᠠᠪᠰᠢᠬᠤ ᠶᠠᠪᠤᠴᠠ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃      ᠡᠨᠡ ᠵᠢᠯ ᠪᠣᠯ ᠦᠨᠡᠨᠴᠢ ᠰᠢᠳᠤᠷᠭᠤ ᠪᠠᠨ ᠥᠨᠢᠳᠡ ᠬᠠᠳᠠᠭᠠᠯᠠᠵᠤ᠂  ᠰᠠᠭᠤᠷᠢ ᠠᠵᠢᠯ ᠢᠶᠠᠨ ᠭᠢᠯᠠᠶᠢᠲᠠᠯ᠎ᠠ ᠵᠦᠯᠭᠦᠭᠰᠡᠨ ᠨᠢᠭᠡ ᠵᠢᠯ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ᠂ ᠰᠢ ᠶᠢᠨ ᠫᠢᠩ ᠶᠡᠷᠦᠩᠬᠡᠶ ᠱᠦᠵᠢ ᠥᠪᠥᠷ ᠮᠣᠩᠭᠤᠯ ᠳᠤ ᠳᠠᠬᠢᠨᠲᠠ ᠪᠡᠶ᠎ᠡ ᠪᠠᠷ ᠢᠶᠠᠨ ᠬᠦᠷᠴᠦ ᠴᠢᠭᠯᠡᠯ ᠲᠣᠭᠲᠠᠭᠠᠨ᠂ ᠵᠢᠷᠤᠭ ᠲᠥᠯᠥᠪᠯᠡᠭᠡ ᠪᠠᠨ ᠵᠢᠷᠤᠭᠯᠠᠵᠤ᠂ ᠪᠦᠬᠦ ᠺᠠᠳ᠋ᠷ ᠣᠯᠠᠨ ᠲᠦᠮᠡᠨ ᠲᠦᠢᠯ ᠤᠨ ᠬᠠᠯᠠᠭᠤᠨ ᠳᠤᠯᠠᠭᠠᠨ ᠰᠠᠨᠠᠭᠳᠠᠵᠤ᠂ ᠮᠠᠰᠢ ᠶᠡᠭᠡ ᠵᠣᠷᠢᠭᠵᠢᠭᠤᠯᠤᠯ ᠣᠯᠵᠤ᠂ ᠪᠢᠳᠠ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠨᠠᠮ ᠳᠠᠭᠠᠨ ᠲᠠᠯᠠᠷᠬᠠᠵᠤ᠂ ᠨᠠᠮ ᠤᠨ ᠲᠥᠪ ᠬᠤᠷᠢᠶ᠎ᠠ ᠳᠤ ᠲᠠᠯᠠᠷᠬᠠᠵᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠪᠠ᠃       ᠡᠨᠡ ᠪᠣᠯ ᠴᠢᠭᠯᠡᠯ ᠢᠶᠠᠨ ᠲᠣᠭᠲᠠᠭᠠᠵᠤ᠂ ᠦᠨᠡᠨᠴᠢ ᠰᠢᠳᠤᠷᠭᠤ ᠪᠠᠷ ᠪᠣᠳᠠᠲᠠᠢ ᠪᠠᠷ ᠠᠵᠢᠯᠯᠠᠭᠰᠠᠨ ᠨᠢᠭᠡ ᠵᠢᠯ ᠪᠣᠯᠤᠨ᠎ᠠ᠃ ᠪᠢᠳᠡ ᠬᠦᠴᠦᠯᠡᠬᠦ ᠴᠡᠭ ᠢᠶᠠᠨ ᠬᠤᠶᠠᠷ ᠶᠡᠭᠡ ᠶᠠᠪᠤᠳᠠᠯ ᠳᠡᠭᠡᠷ᠎ᠡ ᠲᠠᠯᠪᠢᠵᠤ᠂  ᠲᠤᠭᠤᠷᠢᠭ ᠤᠨ ᠳᠡᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠷᠦᠭᠦᠦ ᠪᠦᠯᠦᠭ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ ︽ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠶᠳᠪᠦᠷᠢᠯᠡᠵᠦ ᠣᠷᠣᠯᠠᠨ ᠭᠦᠢᠴᠡᠳᠬᠡᠬᠦ︾ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠰᠢᠶᠳᠪᠦᠷᠢᠯᠡᠬᠦ ᠠᠷᠭ᠎ᠠ ᠬᠢᠳᠡᠯ ᠨᠢ ᠲᠤᠭᠤᠷᠢᠭ ᠤᠨ ︽  ᠫᠸᠡᠭᠴᠢᠶᠤᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠳᠤ ᠰᠣᠩᠭᠤᠭᠳᠠᠨ ᠣᠷᠣᠵᠤ᠂ ᠠᠮᠤ ᠪᠤᠳᠠᠭ᠎ᠠ᠂ ᠮᠢᠬ᠎ᠠ᠂ ᠰᠦ ᠶᠢᠨ ᠭᠠᠷᠤᠯᠲᠠ ᠨᠡᠮᠡᠭᠳᠡᠯ ᠤᠨ ᠬᠠᠨᠳᠤᠰᠢ ᠪᠠᠨ ᠪᠠᠲᠤᠯᠠᠵᠤ ᠂ ︽ᠭᠤᠷᠪᠠᠨ  ᠡᠦ︾ ᠵᠠᠰᠠᠮᠠᠯ ᠵᠠᠮ ᠤᠨ ᠪᠠᠷᠠᠭᠠᠨ ᠭᠦᠢᠯᠭᠡᠭᠡᠨ ᠤ ᠵᠠᠮ ᠢ ᠵᠢᠩᠬᠢᠨᠢ ᠪᠠᠷ ᠨᠡᠪᠲᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠰᠠᠭᠤᠷᠢᠨ ᠢ ᠪᠠᠶᠢᠭᠤᠯᠤᠨ ᠪᠦᠲᠦᠭᠡᠬᠦ ᠳᠤ ᠨᠡᠭᠡᠭᠡᠯᠲᠡᠲᠡᠢ᠂ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠶᠢ ᠨᠡᠩ ᠪᠠᠲᠤᠳᠬᠠᠨ ᠪᠠᠲᠤᠳᠬᠠᠪᠠ᠃      ᠡᠨᠡ ᠪᠣᠯ ᠠᠵᠤ ᠠᠬᠤᠢ ᠶᠢ ᠲᠣᠭᠲᠠᠭᠤᠨ ᠢᠶᠠᠷ ᠬᠥᠭᠵᠢᠭᠦᠯᠵᠦ᠂ ᠲᠤᠭ᠎ᠠ  ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠭᠰᠡᠨ ᠨᠢᠭᠡ ᠵᠢᠯ ᠪᠣᠯᠤᠨ᠎ᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠪᠦᠬᠦ ᠠᠵᠢᠯᠲᠠᠨ‌ᠠᠷᠠᠯᠵᠢᠶᠠᠴᠢᠨ ᠤᠷᠢᠬᠤ᠂ ᠲᠥᠷᠥᠯ ᠵᠦᠢᠯ ᠢ ᠣᠷᠣᠭᠤᠯᠬᠤ ᠠᠵᠢᠯ ᠢ ᠠᠳᠬᠤᠵᠤ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠮᠦᠰ ᠤᠨ ᠬᠦᠷᠢᠶᠡᠯᠡᠯ ᠢ ᠣᠯᠵᠤ᠂ ᠬᠡᠷᠡᠭᠯᠡᠭᠡ ᠶᠢ ᠠᠬᠢᠭᠤᠯᠵᠤ᠂ ᠰᠢᠨ᠎ᠡ ᠭᠡᠷ᠎ᠡ ᠲᠣᠭᠲᠠᠭᠰᠠᠨ ᠲᠥᠷᠥᠯ ᠵᠦᠢᠯ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠬᠤᠶᠠᠷ ᠳᠠᠬᠢᠨ ᠨᠡᠮᠡᠭᠳᠡᠵᠦ᠂ ᠨᠢᠭᠡ ᠪᠦᠯᠦᠭ ᠰᠢᠯᠢᠳᠡᠭ ᠲᠥᠷᠥᠯ ᠵᠦᠢᠯ ᠢ ᠪᠣᠳᠠᠲᠠᠶᠢᠵᠢᠭᠤᠯᠤᠨ ᠪᠠᠷᠢᠯᠭ᠎ᠠ ᠡᠬᠢᠯᠡᠭᠦᠯᠵᠦ᠂ ᠠᠰᠢᠭᠯᠠᠯᠲᠠ ᠳᠤ ᠣᠷᠣᠭᠤᠯᠤᠨ ᠡᠵᠡᠩᠨᠡᠵᠦ᠂ ︽ᠲᠠᠯ᠎ᠠ ᠨᠤᠲᠤᠭ ᠤᠨ ᠲᠣᠷᠭᠠᠨ ᠵᠠᠮ︾ ᠤᠨ ᠤᠯᠠᠨ ᠤᠯᠤᠰ ᠤᠨ ᠠᠷᠠᠰᠤ ᠰᠢᠷᠢ ᠶᠢᠨ ᠨᠠᠶᠢᠷ᠂ ᠵᠢᠨᠢᠩ ᠡᠷᠲᠡᠨ ᠤ ᠬᠤᠳᠠ ᠶᠢᠨ ᠵᠢᠯ ᠤᠨ ᠪᠠᠶᠠᠷ᠂ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠵᠡᠷᠭᠡ ᠰᠢᠷᠢᠰ ᠠᠵᠢᠯᠯᠠᠭ᠎ᠠ ᠨᠢ ᠵᠤᠭᠠᠴᠠᠭᠰᠠᠳ ᠤᠨ ᠲᠤᠭ᠎ᠠ ᠶᠢ ᠲᠠᠶᠢᠴᠢᠯᠠᠵᠦ᠂ ᠣᠷᠣᠯᠭ᠎ᠠ ᠶᠢ ᠶᠡᠭᠡ ᠪᠠᠷ ᠨᠡᠮᠡᠭᠳᠡᠭᠦᠯᠵᠦ᠂ ᠴᠠᠬᠠᠷ ᠡᠷᠲᠡᠨ ᠤ ᠵᠡᠭᠡᠯᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠪᠠ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠲᠣᠭᠤᠷᠢᠭ ᠲᠤ ᠰᠣᠩᠭᠤᠭᠳᠠᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠤᠷᠤᠭᠰᠢᠯᠠᠯᠲᠠ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠵᠢᠭᠠᠯᠲᠠ ᠲᠤᠭ᠎ᠠ ᠨᠢ ᠵᠢᠯ ᠤᠨ ᠡᠬᠢᠨ ᠤ ᠵᠢᠱᠢᠯᠲᠡ ᠠᠴᠠ ᠰᠠᠶᠢᠨ ᠪᠣᠯᠵᠠᠢ᠃     ᠡᠨᠡ ᠪᠣᠯ ᠬᠤᠳᠠ ᠬᠥᠳᠡᠭᠡ ᠶᠢ ᠠᠭᠤᠰᠤᠯᠴᠠᠭᠤᠯᠤᠭᠰᠠᠨ᠂ ᠬᠠᠮᠵᠢᠯᠴᠠᠨ ᠬᠠᠮᠲᠤᠪᠠᠷ ᠤᠷᠤᠭᠰᠢᠯᠠᠭᠰᠠᠨ ᠨᠢᠭᠡ ᠵᠢᠯ ᠪᠣᠯᠤᠨ᠎ᠠ᠃ ᠪᠢᠳᠠ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠥᠳᠡᠭᠡ ᠲᠣᠰᠬᠤᠨ ᠢᠶᠠᠷ ᠬᠤᠳᠠ ᠶᠢ ᠠᠬᠢᠭᠤᠯᠬᠤ ᠶᠢ ᠪᠠᠷᠢᠮᠲᠠᠯᠠᠵᠤ᠂ 20 ᠣᠷᠣᠨ ᠰᠠᠭᠤᠴᠠ ᠵᠢᠨ‌‍ᠲ᠋ᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢ ᠲᠣᠤᠷ ᠲᠤ ᠨᠡᠶᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠵᠤ᠂ ᠨᠢᠭᠡ ᠪᠦᠯᠦᠭ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠨᠢ ᠬᠤᠲᠠ ᠶᠢᠨ ᠰᠡᠯᠡᠭᠦᠴᠡᠯ ᠵᠢᠭᠤᠯᠴᠢᠯᠠᠯ ᠤᠨ ᠰᠠᠶᠢᠨ ᠭᠠᠵᠠᠷ ᠪᠣᠯᠵᠣ᠂ ᠵᠢᠷᠭᠤᠳᠤᠭᠠᠷ ᠰᠤᠮᠤ ᠨᠢ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠨᠡᠶᠢᠲᠡᠯᠢᠭ ᠥᠯᠢᠭᠡᠷ ᠳᠠᠭᠤᠷᠢᠶᠠᠯ ᠲᠣᠰᠬᠤᠨ ᠢᠶᠠᠷ ᠦᠨᠡᠯᠡᠭᠳᠡᠵᠦ᠂ ︽ᠬᠤᠶᠠᠷ ᠣᠷᠣᠯᠭ᠎ᠠ︾ ᠲᠣᠭᠲᠠᠭᠤᠨ ᠢᠶᠠᠷ ᠨᠡᠮᠡᠭᠳᠡᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤᠯᠠᠮ ᠠᠴᠠ ᠤᠯᠠᠮ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠵᠣ᠂ ᠣᠯᠠᠨ ᠲᠦᠮᠡᠨ ᠤ ᠴᠦᠩᠬᠦ ᠤᠯᠠᠮ ᠠᠴᠠ ᠤᠯᠠᠮ ᠭᠦᠳᠦ᠋ᠢᠪᠡ᠃     ᠡᠨᠡ ᠪᠣᠯ ᠤᠬ ᠰᠠᠨᠠᠭ᠎ᠠ ᠪᠠᠨ ᠪᠠᠲᠤ ᠰᠠᠬᠢᠵᠤ᠂ ᠦᠨᠡᠨ ᠰᠡᠳᠬᠢᠯ ᠠᠴᠠ ᠪᠠᠨ ᠠᠷᠠᠳ ᠲᠤ ᠠᠰᠢᠭ ᠬᠦᠷᠲᠡᠭᠡᠬᠦ ᠨᠢᠭᠡ ᠵᠢᠯ ᠪᠣᠯᠤᠨ᠎ᠠ᠃ ᠪᠢᠳᠡ ︽ᠬᠡᠳᠦᠶ ᠬᠦᠴᠢᠷ ᠪᠣᠯᠪᠠᠴᠤ ᠠᠷᠠᠳ ᠢᠷᠭᠡᠳ ᠢ ᠵᠣᠪᠠᠭᠠᠬᠤ ᠥᠬᠡᠶ︾ ᠪᠠᠶᠢᠬᠤ ᠶᠢ ᠪᠠᠷᠢᠮᠲᠠᠯᠠᠨ᠂ ᠡᠳ᠋ ᠤᠨ ᠬᠦᠴᠦᠨ ᠪᠠᠴᠢᠮ ᠪᠠᠶᠢᠭ᠎ᠠ ᠪᠠᠶᠢᠳᠠᠯ ᠳᠣᠤᠷ᠎ᠠ᠂ ᠬᠢᠵᠠᠭᠠᠷ ᠲᠠᠢ ᠪᠠᠯᠠ ᠮᠥᠩᠭᠦ ᠶᠢ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢ ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠪᠦᠯᠦᠭᠯᠡᠯ ᠢᠶᠠᠷ ᠰᠤᠷᠭᠠᠭᠤᠯᠢ ᠡᠷᠭᠢᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠤᠬᠡᠳ ᠤᠳ ︽ᠰᠤᠷᠭᠠᠭᠤᠯᠢ ᠳᠤ ᠣᠷᠣᠬᠤ︾ ᠮᠥᠷᠲᠡᠭᠡᠨ ᠪᠠᠰᠠ ︽ᠣᠶᠢᠷ᠎ᠠ ᠬᠠᠪᠢ ᠳᠠᠭᠠᠨ ᠣᠴᠢᠵᠤ︾ ᠪᠣᠯᠤᠨ᠎ᠠ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠲᠦᠩ ᠷᠧᠨ ᠡᠮᠨᠡᠯᠭᠡ ᠶᠢᠨ ᠬᠤᠷᠢᠶ᠎ᠠ ᠵᠡᠷᠭᠡ 7 ᠨᠠᠷᠠᠲᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠠᠷᠠᠳ ᠢᠷᠭᠡᠳ ︽ᠬᠡᠷ ᠤᠨ ᠡᠭᠦᠳᠡᠨ ᠳᠤ︾ ᠰᠢᠯᠢᠳᠡᠭ ᠡᠮᠴᠢᠯᠡᠭᠡᠨ ᠤ ᠦᠶᠯᠡᠴᠢᠯᠡᠭᠡ ᠶᠢ ᠭᠥᠷᠳᠡᠵᠦ ᠪᠣᠯᠤᠨ᠎ᠠ ᠃ 2 ᠲᠦᠮᠡ ᠰᠢᠬᠠᠮ ᠡᠷᠦᠬᠡ ᠰᠠᠭᠤᠭᠠᠯᠢ ᠠᠷᠠᠳ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠲᠥᠪᠯᠡᠷᠡᠭᠦᠯᠦᠨ ᠢᠯᠴᠢ ᠬᠠᠩᠭᠠᠬᠤ ᠪᠠᠷ ᠳᠠᠮᠵᠢᠭᠤᠯᠤᠨ ᠠᠷᠢᠭᠤᠨ ᠴᠡᠪᠡᠷ ᠢᠶᠠᠷ ᠳᠤᠯᠠᠭᠠᠯᠠᠬᠤ ᠶᠢ ᠪᠡᠶᠡᠯᠡᠭᠦᠯᠵᠦ᠂ ᠳᠤᠯᠠᠭᠠᠯᠠᠭ᠎ᠠ ᠬᠠᠩᠭᠠᠬᠤ ᠠᠴᠠ ᠡᠮᠦᠨ᠎ᠡ 29 ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠶᠠᠳᠤᠭᠠᠷ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠨᠠᠩ ᠪᠠᠲᠤᠯᠠᠭ᠎ᠠ ᠲᠠᠢ ᠪᠣᠯᠭᠠᠪᠠ︔ ᠪᠦᠬᠦ  ᠲᠤᠭᠤᠷᠢᠭ ᠤᠨ ᠬᠦᠴᠦᠨ ᠢᠶᠠᠷ 90% ᠠᠴᠠ ᠳᠡᠭᠡᠭᠰᠢᠬᠢ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠣᠭᠤᠮᠲᠠ ᠰᠢᠪᠲᠤᠯᠤᠨ ᠰᠢᠢᠳᠪᠦᠷᠢᠯᠡᠵᠦ᠂ ︽ᠦᠨᠡᠮᠯᠡᠯ ᠠᠪᠬᠤ ᠳᠤ ᠬᠦᠴᠢᠷ︾ ᠤᠨ ᠠᠰᠠᠭᠤᠳᠠᠯ ᠢ ᠲᠡᠦᠬᠡ ᠶᠢᠨ ᠲᠠᠪᠴᠠᠩ ᠠᠴᠠ ᠭᠠᠷᠭᠠᠵᠤ᠂ 8700 ᠭᠠᠷᠤᠢ ᠡᠷᠦᠬᠡ ᠰᠠᠭᠤᠭᠠᠯᠢ ᠠᠷᠠᠳ ᠤᠨ ᠤᠳᠠᠭᠠᠨ ᠬᠤᠭᠤᠴᠠᠭ᠎ᠠ ᠪᠠᠷ ᠬᠦᠰᠡᠨ ᠮᠥᠷᠥᠭᠡᠳᠦᠭᠰᠡᠭᠡᠷ ᠢᠷᠡᠭᠰᠡᠨ ︽ᠠᠮᠤᠭᠤᠯᠠᠩ ᠣᠷᠣᠨ ᠰᠠᠭᠤᠴᠠ ᠶᠢᠨ ᠵᠡᠭᠦᠳᠦ︾ ᠪᠠᠨ ᠲᠡᠷᠭᠡᠯᠰᠢᠭᠦᠯᠪᠡ᠃     ᠬᠡᠷᠡᠭ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ ᠬᠥᠮᠦᠨ ᠤ ᠶᠢᠷᠲᠢᠨᠴᠦ ᠶᠢᠨ ᠲᠦᠮᠡᠨ ᠬᠡᠷᠡᠭ ᠲᠤ ᠬᠦᠴᠢᠷ ᠪᠡᠷᠬᠡᠰᠢᠶᠡᠯ ᠲᠣᠬᠢᠶᠠᠯᠳᠤᠨ᠎ᠠ᠃ ᠨᠢᠭᠡ ᠵᠢᠯ ᠤᠨ ᠲᠤᠷᠰᠢ᠂ ᠵᠢᠨᠢᠩ ᠳᠤ ᠭᠠᠷᠤᠭᠰᠠᠨ ᠬᠤᠪᠢᠷᠠᠯᠲᠠ ᠨᠢᠭᠡᠪᠦᠷᠢ᠂ ᠥᠩᠭᠡᠷᠡᠭᠦᠯᠦᠭᠰᠡᠨ ᠤᠳᠠᠭ᠎ᠠ ᠪᠦᠷᠢ ᠶᠢᠨ ᠰᠢᠯᠭᠠᠯᠲᠠ᠂ ᠣᠯᠤᠭᠰᠠᠨ ᠠᠮᠵᠢᠯᠲᠠ ᠨᠢᠭᠡᠪᠦᠷᠢ ᠨᠢ ᠨᠠᠮ ᠤᠨ ᠭᠡᠰᠢᠭᠦᠨ ᠺᠠᠳ᠋ᠷᠴᠤᠳ ᠤᠨ ᠰᠢᠷᠭᠠᠭᠤ ᠬᠠᠲᠠᠭᠤᠵᠢᠯᠲᠠᠢ ᠠᠵᠢᠯᠯᠠᠬᠤ ᠠᠴᠠ ᠰᠠᠯᠵᠤ ᠴᠢᠳᠠᠬᠤ ᠦᠭᠡᠢ᠂ ᠠᠷᠠᠳ ᠤᠯᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠡ᠊ᠨᠳᠡ ᠪᠢᠳᠡ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠮᠠᠨ ᠤ  ᠲᠤᠭᠤᠷᠢᠭ ᠤᠨ  ᠲᠡᠷᠢᠭᠦᠨ ᠳᠤ ᠣᠷᠣᠬᠤ ᠪᠠᠷ ᠴᠢᠷᠮᠠᠶᠢᠵᠤ᠂ ᠳᠠᠪᠠᠯᠲᠠ ᠲᠠᠢ ᠪᠠᠷ ᠳᠠᠪᠰᠢᠬᠤ ᠡᠷᠡᠯᠬᠡᠭᠯᠡᠨ ᠲᠡᠮᠡᠴᠡᠬᠦ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠪᠠᠶᠢᠵᠤ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠲᠠᠭᠤᠨ ᠢᠶᠠᠷ ᠨᠡᠮᠡᠭᠳᠡᠭᠦᠯᠬᠦ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ᠃    ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠭᠠᠪᠰᠢᠭᠠᠶᠢᠯᠠᠬᠤ︾ ᠡᠷᠴᠢ ᠵᠣᠷᠢᠭ᠂ ︽ᠲᠡᠮᠡᠴᠡᠬᠦ︾ ᠣᠪᠣᠷ ᠪᠠᠶᠢᠳᠠᠯ᠂ ︽ᠠᠵᠢᠯᠯᠠᠬᠤ︾ ᠰᠤᠷᠲᠠᠯ ᠢᠶᠠᠷ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠢᠷ ᠢ ᠲᠤᠭᠤᠯᠤᠨ ᠰᠢᠪᠲᠤᠯᠤᠯᠲᠠ ᠶᠢ ᠡᠷᠢᠯᠬᠢᠯᠡᠵᠦ᠂ ᠦᠨᠡᠨᠴᠢ ᠰᠢᠳᠤᠷᠭᠤ ᠪᠠᠷ ᠬᠡᠷᠡᠭᠵᠢᠭᠦᠯᠦᠨ ᠬᠤᠶᠢᠷᠭᠤᠰᠢᠬᠤ ᠦᠭᠡᠢ ᠪᠠᠷ ᠦᠷ᠎ᠡ ᠪᠦᠲᠦᠮᠵᠢ ᠶᠢ ᠪᠠᠲᠤᠯᠠᠵᠤ᠂ ᠵᠢᠨᠢᠩ ᠳᠤ ᠬᠠᠷᠢᠶᠠᠯᠠᠭᠳᠠᠬᠤ ᠭᠤᠶᠢᠳᠠ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕      ᠠᠭᠤᠤ ᠶᠡᠭᠡ ᠡᠬᠡ ᠤᠯᠤᠰ ᠤᠨ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ ᠢᠷᠥᠭᠡᠶ᠎ᠡ︕      ᠵᠢᠨᠢᠩ ᠤᠨ ᠦᠢᠯᠡᠰ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠳᠠᠬᠢᠨᠲᠠ ᠭᠡᠷᠡᠯ ᠰᠠᠴᠤᠷᠠᠩᠭᠤᠶ ᠠᠮᠵᠢᠯᠲᠠ ᠤᠯᠬᠤ ᠶᠢ ᠢᠷᠥᠭᠡᠶ᠎ᠡ︕       ᠪᠦᠬᠦ  ᠲᠤᠭᠤᠷᠢᠭ ᠤᠨ ᠠᠷᠠᠳ ᠲᠦᠮᠡᠨ ᠳᠤ ᠰᠢᠨ᠎ᠡ ᠵᠢᠯ ᠤᠨ ᠪᠠᠶᠠᠷ ᠬᠦᠷᠭᠡᠵᠦ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2