| | | 10 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | ᠵᠠᠩ ᠶᠦᠩ ᠸᠧᠨ ᠤᠷᠢᠳ ᠬᠤᠵᠢᠳ ᠵᠢᠶᠧ ᠹᠠᠩ ᠵᠡᠭᠡᠯᠢ᠂ ᠡᠩᠬᠡ ᠵᠡᠭᠡᠯᠢ᠂ ᠬᠠᠮᠲᠤᠷᠠᠯᠴᠠᠭᠠᠨ ᠤ ᠵᠡᠭᠡᠯᠢ᠂ | ᠨᠠᠨ ᠱᠠ ᠾᠧ ᠭᠤᠤᠯ ᠵᠡᠷᠭᠡ ᠢᠨᠵᠧᠨᠧᠷᠢᠩ ᠤᠨ ᠲᠤᠬᠠᠶ ᠶᠢᠨ ᠭᠠᠵᠠᠷ ᠪᠠ ᠲᠥᠷᠥᠯ ᠵᠦᠢᠯ ᠤᠨ ᠲᠤᠬᠠᠶ ᠶᠢᠨ | ᠭᠠᠵᠠᠷ ᠲᠤ ᠬᠦᠷᠴᠦ᠂ ᠪᠠᠷᠢᠯᠭ᠎ᠠ ᠶᠢᠨ ᠠᠬᠢᠴᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ | ᠲᠡᠷᠭᠡ ᠬᠥᠰᠬᠡ ᠵᠣᠭᠰᠣᠭᠰᠠᠨ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ | ᠠᠯᠪᠠᠯᠠᠨ ᠰᠢᠢᠳᠪᠦᠷᠢᠯᠡᠪᠡ᠃ ᠵᠠᠩ ᠶᠦᠩ ᠸᠧᠨ ᠬᠡᠯᠡᠭᠰᠡᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ | ᠨᠢᠭᠡᠴᠢ ᠶᠢᠨ ᠬᠢᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠲᠠᠯ᠎ᠠ ᠪᠠᠷ ᠳᠤᠲᠠᠭᠤ ᠶᠢ | ᠪᠠᠶᠢᠴᠠᠭᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠥᠨᠴᠥᠭ | ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠳᠦᠷᠢ ᠲᠥᠷᠬᠦ ᠪᠣᠯᠤᠨ ᠬᠤᠲᠠ ᠶᠢᠨ | ᠠᠷᠠᠳ ᠤᠨ ᠠᠮᠢᠳᠤᠷᠠᠯ ᠤᠨ ᠶᠠᠪᠤᠵᠤ ᠰᠠᠭᠤᠬᠤ ᠶᠢ ᠨᠥᠯᠥᠭᠡᠯᠡᠬᠦ ᠭᠤᠤᠯᠳᠠᠯᠭ᠎ᠠ ᠲᠠᠢ ᠣᠷᠣᠨ ᠪᠠᠶᠢᠷᠢ ᠪᠣᠯᠤᠨ | ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ︽ᠳᠤᠯᠠᠭᠠᠨ ᠢᠨᠵᠧᠨᠧᠷᠢᠩ︾ ᠵᠡᠷᠭᠡ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠮ ᠡᠵᠡᠯᠡᠨ ᠡᠵᠡᠩᠨᠡᠬᠦ᠂ | ᠵᠠᠰᠠᠮᠠᠯ ᠵᠠᠮ ᠤᠨ ᠬᠠᠵᠠᠭᠤᠳᠡᠬᠢ ᠵᠠᠬ᠎ᠠ ᠳᠡᠯᠭᠡᠭᠦᠷ᠂ ᠲᠡᠷᠭᠡ ᠬᠥᠰᠬᠡ ᠵᠣᠭᠰᠣᠬᠤ ᠵᠡᠷᠭᠡ ᠦᠢᠯᠡ ᠠᠵᠢᠯᠯᠠᠭ᠎ᠠ ᠶᠢᠨ | ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠪᠣᠯᠪᠠᠰᠤᠨ᠂ ᠴᠡᠪᠡᠷ ᠴᠡᠮᠴᠡᠭᠡᠷ᠂ ᠡᠮᠬᠢ ᠵᠢᠷᠤᠮ ᠲᠠᠢ | ᠬᠤᠲᠠ ᠶᠢᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠲᠡᠷᠢᠭᠦᠨ ᠤ ᠭᠠᠵᠠᠷ ᠣᠷᠣᠨ ᠤ ᠰᠠᠶᠢᠨ | ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠨ ᠲᠣᠯᠢᠯᠠᠵᠤ᠂ ᠪᠠᠶᠢᠩᠭᠤ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠳᠠ ᠶᠢᠨ ︽ | ᠵᠢᠰᠦ ᠴᠢᠷᠠᠢ︾ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠵᠠᠰᠠᠯᠲᠠ ᠶᠢᠨ | ᠲᠦᠪᠰᠢᠨ ᠤ ᠰᠢᠨ᠎ᠡ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠡᠢ᠃ | ᠯᠢ ᠵᠢᠩ ᠣᠷᠣᠯᠴᠠᠵᠠᠢ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | | |