ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/11
    9 ᠰᠠᠷ᠎ᠠ ᠶᠢᠨ 30 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷ᠎ᠡ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ᠂ ᠨᠢᠭᠡᠴᠢ ᠨᠦᠭᠦᠳ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠠᠯᠬᠤᠴᠠ ᠪᠠᠨ ᠲᠠᠰᠤᠷᠠᠯᠲᠠ ᠥᠬᠡᠶ ᠲᠦᠷᠭᠡᠳᠬᠡᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠵᠢᠴᠢ ᠬᠠᠪᠰᠤᠷᠤᠨ ᠲᠡᠳᠬᠦᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠵᠢᠴᠢ ᠲᠤᠰᠬᠠᠶ ᠵᠢᠭᠡᠯᠡᠯᠭᠡ ᠶᠢᠨ ᠲᠡᠮᠳᠡᠭᠲᠦ ᠵᠡᠷᠭᠡ ᠶᠢᠨ ᠪᠠᠯᠠ ᠣᠷᠣᠭᠤᠯᠤᠯᠲᠠ ᠶᠢᠨ ᠣᠷᠣᠭᠤᠯᠤᠯᠲᠠ ᠶᠢᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠬᠥᠳᠡᠭᠡ ᠠᠵᠤ ᠠᠬᠤᠶ ᠬᠥᠳᠡᠭᠡ ᠲᠣᠰᠬᠤᠨ ᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠤᠨ ᠲᠣᠭᠤᠷᠢᠨ ᠳᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠤᠯᠠᠷᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠣᠨᠴᠠᠯᠢᠭ ᠢ ᠴᠢᠩᠭ᠎ᠠ ᠠᠩᠬᠠᠷᠴᠤ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ︽ᠬᠤᠶᠠᠷ ᠳᠠᠷᠤᠭ᠎ᠠ ᠬᠤᠶᠠᠷ ᠭᠡᠰᠢᠭᠦᠨ︾ ᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ︽ᠲᠠᠪᠤ ᠶᠢ ᠴᠠᠭᠠᠵᠠᠯᠠᠬᠤ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠨᠳᠦ ᠶᠡᠭᠡ ᠪᠠᠴᠢᠮ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠲᠣᠬᠢᠲᠠᠢ ᠠᠷᠭᠠᠴᠠᠵᠤ᠂ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2