ᠵᠠᠩ ᠶᠦᠩ ᠸᠧᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠᠶᠢᠩᠭᠤ ᠶᠢᠨ ᠠᠵᠢᠯ ᠢ ᠦᠷᠨᠢᠬᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/10/14
      10 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠᠨ ᠤ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃     ᠵᠠᠩ ᠶᠦᠩ ᠸᠧᠨ ᠤᠷᠢᠳ ᠬᠤᠵᠢᠳ ᠵᠢᠨᠢᠩ  ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠠᠨ ᠭᠡᠷ᠂ ᠲᠤᠭᠤᠷᠢᠭ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠠᠨ ᠭᠡᠷ ᠲᠤ ᠬᠦᠷᠴᠦ᠂ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠤᠯᠢᠯᠴᠠᠬᠤ᠂ ᠬᠠᠷᠢᠭᠤ ᠮᠡᠳᠡᠭᠦᠯᠦᠯᠳᠡ ᠶᠢ ᠰᠤᠨᠤᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠬᠡᠷᠡᠭ ᠢ ᠰᠢᠢᠳᠪᠦᠷᠢᠯᠡᠬᠦ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠠᠨ ᠭᠡᠷ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠵᠡᠷᠭᠡ ᠪᠠᠶᠢᠳᠠᠯ ᠢ ᠨᠠᠷᠢᠨ ᠤᠶᠢᠯᠠᠭᠠᠪᠠ᠃    ᠵᠠᠩ ᠶᠦᠩ ᠸᠧᠨ ᠬᠡᠯᠡᠭᠰᠡᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠡᠮᠡᠴᠡᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠩ ᠰᠢᠭᠤᠷᠬᠠᠶ ᠣᠪᠣᠷ ᠪᠠ ᠨᠠᠩ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠰᠦᠪᠡᠭᠴᠢ ᠶᠢ ᠣᠶᠢᠯᠭᠠᠨ ᠵᠢᠭᠰᠠᠭᠠᠬᠤ ᠪᠠ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠵᠤ᠂ ᠪᠠᠶᠢᠴᠠᠭᠠᠨ ᠰᠢᠢᠳᠪᠦᠷᠢᠯᠡᠵᠦ ᠬᠦᠯᠢᠶᠡᠨ ᠠᠪᠤᠭᠰᠠᠨ ᠰᠦᠪᠡᠭᠴᠢ ᠨᠢᠭᠡᠪᠦᠷᠢ ᠶᠢ ᠭᠦᠢᠴᠡᠳ ᠭᠦᠢᠴᠡᠳ ᠪᠣᠳᠠᠲᠤ ᠬᠡᠷᠡᠭ ᠤᠨ ᠭᠡᠷᠡᠴᠢ ᠪᠠᠷᠢᠮᠲᠠ ᠪᠠᠷ ᠬᠠᠷᠭᠤᠭᠤᠯᠤᠨ ᠪᠠᠶᠢᠴᠠᠭᠠᠭᠰᠠᠨ ᠳ᠋ᠦᠩᠨᠡᠯᠲᠡ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠨᠢᠭᠡ ᠪᠦᠷᠢ ᠴᠥᠮ ᠬᠠᠤᠯᠢ ᠴᠠᠭᠠᠵᠠ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠰᠦᠪᠡᠭᠴᠢ ᠶᠢ ᠬᠢᠨᠠᠨ ᠪᠠᠶᠢᠴᠠᠭᠠᠬᠤ᠂ ᠠᠵᠢᠯ ᠲᠦᠷᠦᠯ ᠢ ᠴᠡᠭᠴᠡᠯᠡᠨ ᠵᠠᠰᠠᠬᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃               ᠨᠠᠶᠢᠷᠠᠭᠤᠯᠤᠭᠴᠢ᠄ ᠸᠠᠩ ᠵᠢᠩ ᠵᠢᠩ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2