ᠦᠰᠦᠭ ᠪᠢᠴᠢᠭ ᠢᠶᠠᠷ ᠦᠭᠦᠯᠡᠬᠦᠢ᠄ ︽ᠬᠤᠲᠠ ᠪᠠᠯᠭᠠᠰᠤ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︶︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/15
    ᠪᠥᠬᠦ ᠬᠤᠲᠠ ᠶᠢᠨ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠣᠷᠴᠢᠯ ᠠᠵᠤ ᠠᠬᠤᠶ ᠶᠢ ᠬᠥᠭᠵᠢᠭᠦᠯᠦᠨ᠂ ᠬᠤᠲᠠ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠬᠤᠲᠠ ᠪᠠᠯᠭᠠᠰᠤ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠳᠦᠭᠡ ᠠᠷᠭ᠎ᠠ ᠶᠢᠨ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠃ ᠨᠢᠭᠡ᠂ ᠲᠣᠭᠲᠠᠭᠠᠭᠰᠠᠨ ᠠᠬᠤᠶ ᠪᠠᠶᠢᠳᠠᠯ     ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠠᠭᠤᠯᠭ᠎ᠠ ᠮᠥᠨ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠥᠯᠭᠢᠨ ᠠᠬᠢᠭᠤᠯᠬᠤ ᠨᠢ ᠬᠤᠲᠠ ᠶᠢᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠬᠦ ᠪᠤᠯᠤᠨ᠎ᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠬᠦ ᠶᠢ ᠦᠰᠦᠭ ᠳᠠᠭᠠᠯᠳᠤᠨ᠂ ᠪᠠᠷᠢᠯᠭ᠎ᠠ ᠶᠢᠨ ᠬᠤᠭ ᠨᠣᠪᠰᠢ ᠶᠢᠨ ᠭᠠᠷᠴᠠ ᠥᠨᠳᠥᠷ ᠲᠦᠪᠰᠢᠨ ᠳᠤ ᠪᠠᠶᠢᠵᠤ᠂ ᠮᠠᠨ ᠤ ᠬᠤᠲᠠ ᠶᠢᠨ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠳᠤ ᠭᠡᠰᠡᠭ ᠲᠣᠪᠤᠶᠢᠮ᠎ᠠ ᠠᠰᠠᠭᠤᠳᠠᠯ ᠢᠯᠡᠷᠡᠵᠦ᠂ ᠬᠤᠲᠠ ᠶᠢᠨ ᠪᠣᠬᠢᠷᠲᠤᠯ ᠥᠬᠡᠶ ᠬᠥᠭᠵᠢᠯᠲᠡ ᠳᠡᠰᠢ ᠬᠡᠯᠪᠡᠷᠢ ᠪᠠᠨ ᠬᠤᠪᠢᠷᠠᠭᠤᠯᠬᠤ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠦᠶᠡᠰ ᠤᠨ ᠣᠷᠴᠢᠨ ᠲᠣᠭᠤᠷᠢᠨ ᠤ ᠬᠡᠷᠡᠭᠴᠡᠭᠡ ᠶᠢ ᠬᠦᠨᠳᠦ ᠨᠣᠴᠢᠲᠠᠶ ᠨᠥᠯᠥᠭᠡᠯᠡᠭᠰᠡᠨ ᠪᠣᠯᠬᠤᠷ ︽ᠠᠷᠭ᠎ᠠ︾ ᠶᠢ ᠲᠣᠭᠲᠠᠭᠠᠬᠤ ᠪᠠ ᠨᠡᠶᠢᠲᠡᠯᠡᠬᠦ ᠨᠢ ᠲᠦᠢᠯ ᠤᠨ ᠲᠤᠯᠭᠠᠮ᠎ᠠ ᠪᠥᠭᠡᠳ ᠴᠢᠬᠤᠯᠠ ᠪᠤᠯᠤᠭᠰᠠᠨ ᠪᠠᠶᠢᠨ᠎ᠠ᠃ ᠬᠤᠶᠠᠷ᠂ ᠲᠣᠭᠲᠠᠭᠠᠭᠰᠠᠨ ᠦᠨᠳᠦᠰᠦᠯᠡᠯ ︵ᠨᠢᠭᠡ︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠲᠦᠷᠢᠮ︾ ︵ᠭᠤᠷᠪᠠ︶ ︽ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ︵ᠲᠦᠷᠪᠡ︶ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾  ︵ᠲᠠᠪᠤ︶ ︽ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠣᠷᠣᠭᠤᠯᠬᠤ ᠠᠷᠪᠠᠨ ᠲᠠᠪᠤᠨ ᠵᠤᠷᠪᠤᠰ ᠵᠠᠰᠠᠭ ᠵᠠᠬᠢᠷᠭᠠᠨ ᠤ ᠵᠥᠪᠰᠢᠶᠡᠷᠡᠯ ᠤᠨ ᠨᠥᠬᠦᠴᠡᠯ ᠤᠨ ᠲᠤᠬᠠᠶ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠣᠭᠲᠠᠭᠠᠯ︾ ︵ᠵᠢᠷᠭᠤᠭ᠎ᠠ︶ ︽ᠤᠯᠠᠭᠠᠨᠴᠠᠪ ᠬᠤᠲᠠ ᠶᠢᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︵ᠳᠤᠯᠤᠭ᠎ᠠ︶ ︽ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠪᠦᠲᠦᠭᠡᠨ ᠪᠠᠶᠢᠭᠤᠯᠤᠯᠲᠠ ﹇2020﹈ 46 ᠳ᠋ᠤᠭᠠᠷ ᠲᠣᠭᠠᠲᠤ︶ ︵ᠨᠠᠢᠮᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠲᠥᠰᠦᠯ︾ ︵ᠶᠢᠰᠦ︶ ︽2024 ᠣᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠲᠥᠯᠥᠪᠯᠡᠭᠡ ᠶᠢᠨ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ ︹2024︺ 21 ᠳ᠋ᠤᠭᠡᠷ ᠲᠣᠭᠠᠲᠤ︶ ᠭᠤᠷᠪᠠ᠂ ᠠᠷᠭ᠎ᠠ ᠶᠢᠨ ᠠᠭᠤᠯᠭ᠎ᠠ     ︽ᠬᠠᠮᠢᠶᠠᠷᠤᠯᠲᠠ ᠶᠢᠨ ᠠᠷᠭ᠎ᠠ︾ ᠨᠢ ᠨᠢᠭᠡᠳᠦᠭᠡᠷ ᠪᠦᠯᠦᠭ ᠤᠨ ︽ᠶᠡᠷᠦᠩᠬᠡᠶ ᠲᠦᠷᠢᠮ︾᠂ ᠬᠤᠶᠠᠳᠤᠭᠠᠷ ᠪᠦᠯᠦᠭ ᠤᠨ ︽ᠭᠠᠷᠭᠠᠬᠤ᠂ ᠴᠤᠭᠯᠠᠭᠤᠯᠬᠤ ᠪᠠ ᠬᠠᠳᠠᠭᠠᠯᠠᠬᠤ︾᠂ ᠭᠤᠷᠪᠠᠳᠤᠭᠠᠷ ᠪᠦᠯᠦᠭ ᠤᠨ ︽ᠲᠡᠭᠡᠭᠡᠪᠦᠷᠢᠯᠡᠬᠦ᠂ ᠠᠰᠢᠭᠯᠠᠬᠤ ᠪᠠ ᠰᠢᠢᠳᠪᠦᠷᠢᠯᠡᠬᠦ︾᠂ ᠳᠥᠷᠪᠡᠳᠦᠭᠡᠷ ᠪᠦᠯᠦᠭ ᠤᠨ ︽ᠬᠢᠨᠠᠯᠲᠠ ᠬᠠᠮᠢᠶᠠᠷᠤᠯᠲᠠ︾᠂ ᠲᠠᠪᠤᠳᠤᠭᠠᠷ ᠪᠦᠯᠦᠭ ᠤᠨ ︽ᠳᠠᠭᠠᠯᠳᠤᠭᠤᠯᠤᠯ ᠲᠦᠷᠢᠮ︾ ᠵᠡᠷᠭᠡ 5 ᠪᠦᠯᠦᠭ ᠤᠨ 34 ᠵᠦᠢᠯ ᠤᠨ ᠠᠭᠤᠯᠭ᠎ᠠ ᠪᠠᠷ ᠪᠦᠷᠢᠯᠳᠦᠵᠡᠶ ᠃     ᠨᠢᠭᠡᠳᠦᠭᠡᠷ ᠪᠦᠯᠦᠭ᠂ ︽ᠶᠡᠷᠦᠩᠬᠡᠶ ᠲᠦᠷᠢᠮ︾᠃ ᠲᠤᠰ ᠬᠡᠰᠡᠭ ᠲᠤ ᠲᠣᠭᠲᠠᠭᠠᠬᠤ ᠠᠷᠭ᠎ᠠ ᠶᠢᠨ ᠵᠣᠷᠢᠯᠭ᠎ᠠ ᠦᠨᠳᠦᠰᠦᠯᠡᠯ ᠵᠢᠴᠢ ᠬᠡᠷᠡᠭᠯᠡᠬᠦ ᠬᠡᠪᠴᠢᠶ᠎ᠡ᠂ ᠲᠣᠳᠣᠷᠬᠠᠶᠢᠯᠠᠯᠲᠠ᠂ ᠲᠥᠷᠥᠯ ᠬᠡᠯᠪᠡᠷᠢ ᠵᠢᠴᠢ ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠨ᠂ ᠴᠠᠭᠠᠵᠠᠯᠠᠬᠤ ᠦᠢᠯᠡ ᠠᠵᠢᠯᠯᠠᠭ᠎ᠠ ᠪᠠ ᠬᠡᠷᠡᠭᠵᠢᠭᠦᠯᠬᠦ ᠰᠦᠢᠳᠬᠡᠯ ᠬᠤᠷᠢᠶᠠᠬᠤ ᠲᠦᠷᠢᠮ ᠢ ᠲᠣᠳᠣᠷᠬᠠᠶᠢᠯᠠᠪᠠ᠃     ᠬᠤᠶᠠᠳᠤᠭᠠᠷ ᠪᠦᠯᠦᠭ᠂ ︽ᠭᠠᠷᠭᠠᠬᠤ᠂ ᠴᠤᠭᠯᠠᠭᠤᠯᠬᠤ ᠪᠠ ᠬᠠᠳᠠᠭᠠᠯᠠᠬᠤ︾᠃ ᠲᠤᠰ ᠬᠡᠰᠡᠭ ᠲᠤ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠬᠠᠮᠢᠶᠠᠷᠤᠯᠲᠠ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ᠂ ᠪᠠᠷᠢᠯᠭ᠎ᠠ ᠪᠠᠷᠢᠬᠤ ᠨᠢᠭᠡᠴᠢ ᠶᠢᠨ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ᠂ ᠰᠢᠢᠳᠪᠦᠷᠢᠯᠡᠬᠦ ᠲᠥᠰᠦᠯ ᠢ ᠳᠠᠩᠰᠠᠯᠠᠬᠤ᠂ ᠭᠠᠳᠠᠭᠰᠢᠯᠠᠭᠤᠯᠤᠯᠲᠠ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠨᠢᠭᠡᠴᠢ ᠶᠢᠨ ᠬᠠᠮᠢᠶᠠᠷᠤᠯᠲᠠ ᠪᠠ ᠵᠠᠰᠠᠵᠤ ᠴᠢᠮᠡᠭᠯᠡᠬᠦ ᠬᠤᠭ ᠨᠣᠪᠰᠢ ᠶᠢᠨ ᠬᠠᠮᠢᠶᠠᠷᠤᠯᠲᠠ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠣᠷᠣᠨ᠂ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃     ᠭᠤᠷᠪᠠᠳᠤᠭᠠᠷ ᠪᠦᠯᠦᠭ᠂ ︽ᠲᠡᠭᠡᠭᠡᠪᠦᠷᠢᠯᠡᠬᠦ᠂ ᠠᠰᠢᠭᠯᠠᠬᠤ ᠪᠠ ᠰᠢᠢᠳᠪᠦᠷᠢᠯᠡᠬᠦ︾᠃ ᠲᠤᠰ ᠬᠡᠰᠡᠭ ᠲᠤ ᠲᠡᠭᠡᠭᠡᠪᠦᠷᠢ ᠶᠢᠨ ᠬᠢᠨᠠᠨ ᠵᠥᠪᠰᠢᠶᠡᠷᠡᠯ᠂ ᠲᠡᠭᠡᠭᠡᠪᠦᠷᠢ ᠶᠢᠨ ᠨᠢᠭᠡᠴᠢ ᠳᠤ ᠲᠠᠯᠪᠢᠬᠤ ᠱᠠᠭᠠᠷᠳᠠᠯᠭ᠎ᠠ᠂ ᠠᠰᠢᠭᠯᠠᠬᠤ ᠪᠤᠶᠤ ᠰᠢᠢᠳᠪᠦᠷᠢᠯᠡᠬᠦ ᠨᠢᠭᠡᠴᠢ ᠶᠢᠨ ᠬᠠᠮᠢᠶᠠᠷᠤᠯᠳᠠ᠂ ᠲᠥᠷᠥᠯ ᠬᠤᠪᠢᠶᠠᠨ ᠠᠰᠢᠭᠯᠠᠬᠤ᠂ ᠵᠣᠷᠢᠭᠵᠢᠭᠤᠯᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃     ᠳᠥᠷᠪᠡᠳᠦᠭᠡᠷ ᠪᠦᠯᠦᠭ᠂ ︽ᠬᠢᠨᠠᠯᠲᠠ ᠬᠠᠮᠢᠶᠠᠷᠤᠯᠲᠠ︾᠃ ᠲᠤᠰ ᠬᠡᠰᠡᠭ ᠲᠤ ᠵᠠᠭᠠᠯᠳᠤᠵᠤ ᠢᠯᠡᠴᠢᠯᠡᠨ ᠮᠡᠳᠡᠭᠦᠯᠬᠦ ᠬᠠᠷᠢᠭᠤᠴᠠᠯᠭ᠎ᠠ᠂ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠳᠠᠪᠤᠳᠤᠭᠠᠷ ᠪᠦᠯᠦᠭ᠂ ︽ᠳᠠᠭᠠᠯᠳᠤᠭᠤᠯᠤᠯ ᠳᠦᠷᠢᠮ︾᠃ ᠲᠤᠰ ᠬᠡᠰᠡᠭ ᠨᠢ ᠭᠤᠤᠯᠳᠠᠭᠤ ᠨᠡᠷ᠎ᠡ ᠲᠣᠮᠢᠶ᠎ᠠ ᠶᠢᠨ ᠲᠣᠮᠢᠶᠠᠯᠠᠯ ᠵᠢᠴᠢ ᠬᠡᠷᠡᠭᠵᠢᠭᠦᠯᠬᠦ ᠴᠠᠭ ᠤᠨ ᠲᠣᠭᠲᠠᠭᠠᠯ ᠪᠣᠯᠤᠨ᠎ᠠ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2