| 10 ᠰᠠᠷ᠎ᠠ ᠶᠢᠨ 15 ᠤ ᠡᠳᠦᠷ᠂ ᠵᠢᠨᠢᠩ ᠲᠣᠭᠤᠷᠢᠭ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ | ᠭᠦᠢᠴᠡᠳᠬᠡᠬᠦ ᠭᠤᠷᠪᠠᠳᠤᠭᠠᠷ ᠤᠯᠠᠷᠢᠯ ᠤᠨ ᠦᠨᠡᠯᠡᠯᠲᠡ ᠶᠢᠨ ᠬᠤᠷᠠᠯ ᠬᠤᠷᠠᠯᠳᠤᠵᠤ᠂ ᠭᠤᠷᠪᠠᠳᠤᠭᠠᠷ ᠤᠯᠠᠷᠢᠯ ᠤᠨ | ᠬᠠᠯᠠᠮᠰᠢᠯ ᠤᠲᠠᠰᠤ ᠶᠢᠨ ᠠᠵᠢᠯ ᠤᠨ ᠲᠤᠷᠰᠢᠯᠭ᠎ᠠ ᠪᠣᠯᠤᠨ ᠦᠷ᠎ᠡ ᠪᠦᠲᠦᠭᠡᠯ ᠢ ᠳ᠋ᠦᠩᠨᠡᠵᠦ᠂ ᠣᠳᠣᠬᠠᠨ ᠳᠤ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠠᠳᠠᠯᠬᠤ ᠶᠢᠨ ᠬᠠᠮᠲᠤ ᠳᠠᠷᠠᠭᠠᠴᠢ ᠶᠢᠨ | ᠱᠠᠲᠤᠨ ᠤ ᠠᠵᠢᠯ ᠢ ᠪᠠᠶᠢᠷᠢᠯᠠᠭᠤᠯᠤᠨ ᠲᠤᠬᠢᠷᠠᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠪᠡ᠃ | ᠬᠤᠷᠠᠯ ᠠᠴᠠ ᠭᠤᠷᠪᠠᠳᠤᠭᠠᠷ ᠤᠯᠠᠷᠢᠯ ᠤᠨ ᠵᠢᠨᠢᠩ ᠲᠣᠭᠤᠷᠢᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠡᠶᠢᠲᠡᠯᠢᠭ ᠶᠠᠷᠢᠶ᠎ᠠ ᠪᠤᠶᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠳᠡᠭᠡᠷ᠎ᠡ ᠬᠠᠭᠠᠰ ᠵᠢᠯ ᠤᠨ ᠦᠨᠡᠯᠡᠯᠲᠡ ᠶᠢᠨ ᠬᠤᠷᠠᠯ ᠢ | ᠲᠣᠬᠢᠷᠠᠭᠤᠯᠤᠭᠰᠠᠨ ᠠᠴᠠ ᠨᠠᠰᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠬᠠᠯᠠᠮᠰᠢᠯ ᠤᠲᠠᠰᠤ ᠶᠢ ᠰᠢᠢᠳᠪᠦᠷᠢᠯᠡᠬᠦ | ᠠᠵᠢᠯ ᠤᠨ ᠬᠠᠷᠢᠭᠤ ᠥᠭᠬᠦ ᠨᠣᠷᠮ᠎ᠠ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ | ᠬᠠᠨᠤᠮᠵᠢᠲᠠᠶ ᠪᠠᠶᠢᠬᠤ ᠨᠣᠷᠮ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠬᠠᠮᠲᠤᠷᠠᠨ | ᠰᠢᠢᠳᠪᠦᠷᠢᠯᠡᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤᠨ ᠤ ᠠᠵᠢᠯ ᠤᠨ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠵᠥᠷᠢᠶ᠎ᠡ ᠶᠢᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ | ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠤᠨᠢᠨ ᠳᠡᠭᠡᠷ᠎ᠡ ᠨᠢ ᠰᠢᠢᠳᠪᠦᠷᠢᠯᠡᠬᠦ ᠂ ᠲᠦᠷᠦᠯ | ᠬᠤᠪᠢᠶᠠᠨ ᠰᠢᠢᠳᠪᠦᠷᠢᠯᠡᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ | ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠩᠬ᠎ᠠ ᠬᠦᠯᠢᠶᠡᠨ | ᠠᠪᠴᠤ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢ | ᠳᠤᠪᠤᠶᠢᠯᠭᠠᠵᠤ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ | ᠰᠢᠢᠳᠪᠦᠷᠢᠯᠡᠬᠦ︾ ᠶᠢ ︽ᠵᠠᠭᠠᠯᠳᠤᠭᠰᠠᠨ ᠦᠭᠡᠢ ᠪᠣᠯ ᠤᠷᠢᠳᠠᠪᠠᠷ ᠰᠢᠢᠳᠪᠦᠷᠢᠯᠡᠬᠦ︾ ᠲᠡᠰᠢ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ | ᠬᠠᠨᠳᠤᠯᠭᠠᠲᠤ ᠴᠢᠨᠠᠷᠲᠠᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠨᠡᠶᠢᠲᠡᠯᠢᠭ ᠵᠦᠢᠯᠡᠰ ᠤᠨ | ᠪᠥᠬᠦ ᠶᠠᠪᠤᠴᠠ ᠶᠢ ᠮᠥᠷᠳᠡᠨ ᠮᠡᠳᠡᠭᠡᠯᠡᠵᠦ᠂ ᠰᠢᠢᠳᠪᠦᠷᠢᠯᠡᠭᠰᠡᠨ ᠨᠢ ᠬᠦᠴᠦᠨ ᠥᠬᠡᠶ ᠰᠠᠯᠠᠭ᠎ᠠ ᠮᠥᠴᠢᠷ ᠨᠢᠭᠡᠴᠢ ᠶᠢ | ᠴᠠᠭ ᠲᠤᠬᠠᠶ ᠳᠤᠨᠢ ᠣᠯᠠᠨ ᠳᠤ ᠢᠯᠡ ᠦᠵᠡᠭᠦᠯᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠪᠠᠳᠠᠷᠠᠭᠤᠯᠤᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ | ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠣᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |