| 10 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠺᠠᠩ ᠬᠠᠢ ᠷᠦᠢ ᠤᠷᠢᠳ ᠬᠤᠵᠢᠳ ᠪᠠᠢ ᠬᠠᠢ ᠽᠢ ᠪᠠᠯᠭᠠᠰᠤᠨ ᠤ ᠬᠠᠶᠢᠷ ᠲᠣᠰᠬᠤᠨ᠂ ᠳ᠋ᠠ ᠾᠧ ᠸᠠᠨ | ᠲᠣᠰᠬᠤᠨ ᠵᠡᠷᠭᠡ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ | ᠲᠥᠯᠥᠪᠵᠢᠭᠦᠯᠭᠡ᠂ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠪᠰᠤᠷᠤᠨ ᠲᠡᠳᠬᠦᠬᠦ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠲᠣᠰᠬᠤᠨ ᠳᠤ ᠰᠠᠭᠤᠭ᠎ᠠ ᠠᠵᠢᠯ ᠪᠣᠯᠤᠨ ᠲᠠᠷᠢᠶᠠᠴᠢᠨ ᠡᠷᠦᠬᠡ ᠶᠢᠨ | ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠺᠠᠩ ᠬᠠᠶ ᠷᠦᠢ ᠴᠢᠬᠤᠯᠠᠴᠢᠯᠠᠭᠰᠠᠨ ᠨᠢ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠠᠶᠢᠳᠠᠯ ᠤᠨ ᠰᠠᠭᠤᠷᠢ ᠲᠤᠭ᠎ᠠ ᠶᠢ | ᠦᠨᠡᠨ ᠬᠦ ᠲᠣᠳᠣᠷᠬᠠᠶ ᠣᠶᠢᠯᠠᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠨᠢᠭᠡᠪᠦᠷᠢ ᠪᠠ ᠬᠢᠨᠠᠨ ᠬᠡᠮᠵᠢᠬᠦ | ᠡᠷᠦᠬᠡ ᠨᠢᠭᠡᠪᠦᠷᠢ ᠶᠢᠨ ᠪᠣᠳᠠᠲᠠᠶ ᠪᠠᠶᠢᠳᠠᠯ ᠢ ᠨᠠᠷᠢᠨ ᠡᠵᠡᠮᠰᠢᠵᠦ᠂ ᠴᠢᠩᠭ᠎ᠠ ᠬᠦᠴᠦᠲᠡᠶ ᠠᠵᠢᠯ ᠤᠨ ᠠᠷᠭ᠎ᠠ | ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠬᠢᠬᠦ | ᠬᠡᠷᠡᠭᠲᠡᠶ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠠᠮᠵᠢᠵᠤ᠂ ᠪᠦᠳᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠡᠷᠲᠡᠬᠡᠨ | ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠰᠡᠳᠬᠢᠴᠡ ᠪᠣᠯᠤᠨ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠲᠣᠰᠬᠤᠨ ᠤ ᠬᠠᠮᠲᠤ ᠶᠢᠨ | ᠠᠵᠤ ᠠᠬᠤᠢ ᠶᠢ ᠪᠤᠵᠠᠭᠠᠶᠢᠷᠠᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠬᠠᠶ ᠷᠦᠢ ᠪᠠᠰᠠ ᠲᠠᠰᠢᠷᠠᠮ ᠢᠶᠠᠷ ᠬᠢᠨᠠᠨ ᠬᠡᠮᠵᠢᠬᠦ ᠡᠷᠦᠬᠡ ᠶᠢᠨ | ᠬᠡᠷ ᠲᠤ ᠬᠦᠷᠴᠦ ᠰᠤᠷᠪᠤᠯᠵᠢᠯᠠᠵᠤ᠂ ᠲᠡᠳᠡᠨ ᠤ ᠬᠡᠷ ᠪᠦᠯᠢ ᠶᠢᠨ ᠣᠷᠣᠯᠭ᠎ᠠ᠂ ᠬᠥᠯᠥᠰᠥᠨ ᠠᠵᠢᠯ ᠬᠢᠵᠦ ᠠᠵᠢᠯ | ᠣᠯᠭᠤᠬᠤ᠂ ᠡᠪᠡᠳᠴᠢᠨ ᠦᠵᠡᠭᠦᠯᠵᠦ ᠡᠮᠨᠡᠭᠦᠯᠬᠦ ᠵᠢᠴᠢ ᠲᠥᠷᠥ ᠶᠢᠨ ᠪᠣᠳᠣᠯᠭ᠎ᠠ ᠶᠢᠨ ᠬᠦᠷᠲᠡᠭᠡᠯ ᠵᠡᠷᠭᠡ ᠪᠠᠶᠢᠳᠠᠯ ᠢ | ᠲᠤᠬᠠᠶ ᠶᠢᠨ ᠲᠠᠯᠠᠪᠤᠷ ᠲᠤᠨᠢ ᠣᠶᠢᠯᠠᠭᠠᠵᠤ᠂ ᠲᠡᠳᠡᠨ ᠤ ᠦᠶᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ | ᠬᠦᠴᠢᠷ ᠠᠰᠠᠭᠤᠳᠠᠯ ᠢ ᠯᠠᠪᠯᠠᠨ ᠠᠰᠠᠭᠤᠭᠰᠠᠨ ᠪᠥᠭᠡᠳ ᠡᠯ᠎ᠡ ᠱᠠᠲᠤᠨ ᠤ ᠺᠠᠳ᠋ᠷᠴᠤᠳ ᠲᠤ ᠡᠯ᠎ᠡ ᠵᠦᠶᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠦᠨᠡᠨ | ᠰᠡᠳᠬᠢᠯ ᠠᠴᠠ ᠪᠠᠨ ᠣᠯᠠᠨ ᠲᠦᠮᠡᠨ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠶᠳᠪᠦᠷᠢᠯᠡᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠵᠠᠬᠢᠪᠠ᠃ | |