| | 10 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠵᠢᠨᠢᠩ ᠲᠣᠭᠤᠷᠢᠭ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠵᠤ᠂ | ᠠᠵᠢᠯᠯᠠᠭ᠎ᠠ ᠶᠢᠨ ᠲᠠᠯ᠎ᠠ ᠪᠠᠷ ᠲᠠᠬᠢᠨ ᠲᠦᠷᠭᠡᠳᠭᠡᠵᠦ᠂ ᠪᠠᠷᠢᠮᠵᠢᠶ᠎ᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠣᠷᠣᠨ ᠰᠠᠭᠤᠴᠠ᠂ ᠰᠤᠷᠭᠠᠨ ᠬᠥᠮᠦᠵᠢᠯ᠂ ᠤᠤᠭᠤᠬᠤ | ᠤᠰᠤ᠂ ᠡᠮᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ | ᠪᠤᠳᠤᠯᠭ᠎ᠠ ᠶᠢ ᠣᠨᠣᠴᠠᠲᠠᠢ ᠬᠡᠷᠡᠭᠵᠢᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ | ᠡᠯ᠎ᠡ ᠵᠦᠢᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ | ᠳᠡᠭᠡᠭᠰᠢᠯᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠨ | ᠴᠢᠩᠭᠠᠳᠬᠠᠵᠤ᠂ ᠲᠣᠰᠬᠤᠨ ᠳᠤ ᠰᠠᠭᠤᠭ᠎ᠠ ᠠᠵᠢᠯ ᠤᠨ ᠬᠠᠮᠢᠶᠠᠷᠤᠯᠲᠠ ᠪᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠵᠢᠯᠤᠭᠤᠳᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠤᠯᠠᠨ ᠲᠦᠮᠡᠨ ᠤ ᠠᠵᠢᠯ ᠢ ᠰᠠᠶᠢᠲᠤᠷ | ᠬᠢᠵᠦ᠂ ᠲᠦᠷᠦ ᠶᠢᠨ ᠪᠤᠳᠤᠯᠭ᠎ᠠ ᠶᠢ ᠲᠣᠳᠣᠷᠬᠠᠢ ᠶᠠᠷᠢᠵᠤ᠂ ᠲᠣᠳᠣᠷᠬᠠᠢ ᠶᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠺᠠᠩ ᠬᠠᠢ ᠷᠦᠢ᠂ ᠳ᠋ᠧᠦ ᠲᠤᠤ ᠷᠠᠨ᠂ ᠯᠦ ᠱᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | | |