ᠺᠠᠩ ᠬᠠᠶ ᠷᠦᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 21 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃    ᠺᠠᠩ ᠬᠠᠶ ᠷᠦᠢ ᠨᠡᠷ ᠤᠷᠢᠳ ᠬᠤᠵᠢᠳ ᠲᠠᠪᠤᠳᠤᠭᠠᠷ ᠳᠤᠮᠳᠠᠳᠤ ᠰᠤᠷᠭᠠᠭᠤᠯᠢ᠂  ᠸᠧᠨ ᠬᠤᠸᠠ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠳᠣᠬᠠᠨ ᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠥᠭᠡᠷᠡᠴᠢᠯᠡᠯᠲᠡ ᠶᠢᠨ ᠪᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃    ᠺᠠᠩ ᠬᠠᠶ ᠷᠦᠢ ᠬᠡᠯᠡᠬᠦ ᠳᠡᠭᠡᠨ᠂ ᠭᠠᠯ ᠤᠨᠲᠠᠷᠠᠭᠠᠬᠤ ᠠᠮᠤᠷ ᠲᠦᠪᠰᠢᠨ ᠪᠣᠯ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠭᠤᠤᠯᠳᠠᠯᠭ᠎ᠠ ᠮᠥᠨ᠂ ᠡᠨᠡ ᠨᠢ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠰᠤᠷᠭᠠᠭᠤᠯᠢ ᠶᠢᠨ ᠲᠣᠭᠲᠠᠭᠤᠨ ᠢᠶᠠᠷ ᠬᠥᠭᠵᠢᠬᠦ ᠳᠤ ᠬᠤᠯᠪᠣᠭᠳᠠᠵᠤ ᠪᠠᠶᠢᠳᠠᠭ ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠶ᠃ ᠬᠠᠮᠢᠶ᠎ᠠ ᠪᠥᠬᠦᠶ  ᠨᠢᠭᠡᠴᠢ ᠨᠦᠭᠦᠳ ᠠᠶᠤᠯ ᠥᠬᠡᠶ  ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠥᠭᠡᠷᠡᠴᠢᠯᠡᠯᠲᠡ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃    ᠾᠧ ᠷᠦᠨ ᠭᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃              ᠨᠠᠶᠢᠷᠠᠭᠤᠯᠤᠭᠴᠢ᠄ ᠸᠠᠩ ᠵᠢᠩ ᠵᠢᠩ              ᠤᠷᠴᠢᠭᠤᠯᠤᠭᠴᠢ᠄ ᠲᠤᠶᠠᠭ᠎ᠠ    
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2