ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/23
     10 ᠰᠠᠷ᠎ᠠ ᠶᠢᠨ 22 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠭᠤᠷᠪᠠᠨ ᠴᠢᠬᠤᠯᠠ ᠨᠢᠭᠡ ᠶᠡᠭᠡ﹀ ᠬᠠᠮᠲᠤ ᠶᠢᠨ ᠰᠢᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠲᠣᠭᠲᠠᠴᠠ ᠶᠢᠨ ᠲᠡᠷᠡ ᠳᠠᠷᠤᠢ ᠳᠤᠨᠢ ᠴᠤᠤᠷᠢᠶᠠᠲᠤᠨ ᠳᠠᠭᠠᠵᠤ᠂ ᠡᠯ᠎ᠡ ᠵᠦᠢᠯ ᠤᠨ ᠲᠦᠷᠢᠮ ᠢ ᠲᠡᠷᠡ ᠳᠠᠷᠤᠢ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠷᠲᠡ ᠠᠴᠠ ᠴᠣᠬᠢᠯᠲᠠ ᠥᠭᠴᠦ ᠪᠠᠭ᠎ᠠ ᠠᠴᠠ ᠨᠢ ᠠᠷᠢᠯᠭᠠᠬᠤ︾ ᠶᠢ ᠰᠠᠶᠢᠲᠤᠷ ᠠᠳᠬᠤᠵᠤ᠂ ᠬᠠᠮᠵᠢᠯᠴᠠᠬᠤ ᠪᠠᠨ ᠴᠢᠩᠭᠠᠳᠬᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠵᠤ᠂ ᠮᠠᠨ ᠤ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠤᠨ ᠬᠠᠤᠯᠢᠵᠢᠯᠲᠠ᠂ ᠵᠢᠷᠤᠮᠵᠢᠯᠲᠠ᠂ ᠲᠤᠰᠬᠠᠶᠢᠵᠢᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠥᠨᠢ ᠤᠳᠠᠭᠠᠨ ᠠᠮᠤᠷ ᠲᠦᠪᠰᠢᠨ ᠪᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂  ᠬᠠᠮᠠᠭᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯ ᠢ ᠠᠮᠢᠳᠤᠯᠢᠭ ᠪᠣᠯᠭᠠᠬᠤ︾ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠵᠥᠪᠰᠢᠶᠡᠷᠡᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠡᠳᠦᠷ ᠲᠤᠳᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠳᠠᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠳᠠᠷᠦ᠋ᠢᠬᠠᠨ ᠥᠭᠡᠷᠡᠴᠢᠯᠡᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠩᠭᠤᠵᠢᠭᠰᠠᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠵᠣᠷᠢᠭᠤᠳᠠ ᠲᠡᠤᠬᠡ ᠶᠢᠨ ᠳᠤᠷᠠᠰᠬᠠᠯᠲᠤ ᠵᠦᠢᠯᠡᠰ ᠢ ᠡᠪᠳᠡᠬᠦ ᠠᠵᠢᠯᠯᠠᠭ᠎ᠠ ᠳᠤ  ᠴᠣᠬᠢᠯᠲᠠ ᠥᠭᠴᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃     ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃ ᠬᠤᠷᠠᠯ ᠠᠴᠠ᠂ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠪᠠᠷ ᠬᠢ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠤᠷᠢᠭ᠎ᠠ ᠱᠤᠭᠤᠮ ᠢ  ᠪᠠᠲᠤ ᠰᠠᠬᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠬᠠᠷᠢᠭᠤᠴᠠᠵᠤ᠂ ᠨᠠᠶᠢᠳᠠᠪᠤᠷᠢᠵᠢᠭᠤᠯᠬᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠬᠠᠷᠢᠭᠤᠴᠠᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠴᠢᠬᠤᠯᠠ ᠶᠡᠭᠡ ᠬᠡᠷᠡᠭ ᠢ ᠪᠡᠶ᠎ᠡ ᠪᠠᠷ ᠢᠶᠠᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠵᠣᠷᠢᠭᠲᠠᠢ ᠪᠠᠷ ᠠᠰᠠᠭᠤᠳᠠᠯ ᠪᠣᠯᠤᠨ ᠳᠤᠲᠠᠭᠤᠳᠠᠯ ᠳᠤ ᠰᠢᠭᠤᠳ ᠬᠠᠨᠳᠤᠵᠤ᠂ ᠢᠯᠵᠢᠷᠡᠯ ᠢ ᠰᠡᠷᠭᠡᠶᠢᠯᠡᠵᠦ ᠬᠤᠪᠢᠷᠠᠬᠤ ᠶᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠴᠢᠬᠤᠯᠠ ᠰᠠᠯᠠᠭ᠎ᠠ ᠮᠥᠴᠢᠷ ᠪᠣᠯᠤᠨ ᠭᠤᠣᠯᠳᠠᠯᠭ᠎ᠠ ᠲᠠᠢ ᠬᠦᠷᠢᠶᠡᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2