ᠵᠠᠩ ᠶᠦᠩ ᠸᠧᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/10/24
    10 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠵᠠᠩ ᠶᠦᠩ ᠸᠧᠨ ᠤᠷᠢᠳ ᠬᠤᠵᠢᠳ ᠪᠠᠢ ᠸᠠᠩ ᠷᠦᠩ ᠴᠧᠩ ᠤᠨ ᠴᠠᠬᠢᠯᠭᠠᠨ ᠴᠡᠨᠡᠭᠯᠡᠬᠦ ᠦᠷᠳᠡᠭᠡ᠂ ᠴᠠᠬᠠᠷ ᠵᠠᠩ ᠦᠢᠯᠡ ᠶᠢᠨ ᠮᠦᠽᠧᠢ᠂ ᠲᠣᠭᠤᠷᠢᠭ ᠤᠨ ᠰᠣᠶᠣᠯ ᠤᠨ ᠣᠷᠳᠣᠨ ᠪᠣᠯᠤᠨ ᠨᠣᠮ ᠤᠨ ᠰᠠᠩ ᠵᠡᠷᠭᠡ ᠭᠠᠵᠠᠷ ᠲᠤ ᠬᠦᠷᠴᠦ᠂ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠬᠢᠨᠠᠮᠠᠭᠠᠢ ᠰᠣᠨᠣᠰᠴᠤ᠂ ᠠᠵᠢᠯ ᠤᠨ ᠠᠬᠢᠴᠠ ᠶᠢ ᠨᠠᠷᠢᠨ ᠣᠶᠢᠯᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃     ᠵᠠᠩ ᠶᠦᠩ ᠸᠧᠨ ᠬᠡᠯᠡᠭᠰᠡᠨ ᠨᠢ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠥᠪ ᠴᠢᠭᠯᠡᠯ ᠢ ᠪᠠᠲᠤ ᠡᠵᠡᠮᠳᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠪᠣᠶ ᠪᠥᠬᠦᠶ ᠠᠰᠠᠭᠤᠳᠠᠯ ᠢ ᠦᠨᠡᠨ ᠬᠦ ᠥᠭᠡᠷᠡᠴᠢᠯᠡᠬᠦ᠂ ᠪᠣᠳᠠᠲᠠᠶ ᠥᠭᠡᠷᠡᠴᠢᠯᠡᠬᠦ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠩᠭᠤᠵᠢᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠲᠤᠮ ᠤᠨ ᠠᠵᠢᠯ ᠳᠤ ᠦᠨᠡᠨ ᠬᠦ ᠠᠭᠤᠰᠤᠯᠴᠠᠭᠤᠯᠵᠤ᠂ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠤᠯᠲᠠ ᠶᠢ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃    ᠵᠠᠩ ᠶᠦᠩ ᠸᠧᠨ  ᠱᠠᠭᠠᠷᠳᠠᠭᠰᠠᠨ ᠨᠢ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠣᠭᠤᠷᠢᠭ ᠤᠨ ᠰᠣᠶᠣᠯ ᠤᠨ ᠣᠷᠳᠣᠨ ᠪᠣᠯᠤᠨ ᠨᠣᠮ ᠤᠨ ᠰᠠᠩ ᠢ ᠨᠡᠭᠦᠯᠭᠡᠨ ᠥᠭᠡᠷᠡᠴᠢᠯᠡᠬᠦ ᠵᠡᠷᠭᠡ ᠠᠵᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠠᠮᠢᠶ᠎ᠠ ᠪᠥᠬᠦᠶ  ᠨᠢᠭᠡᠴᠢ ᠨᠦᠭᠦᠳ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠢᠳᠡᠪᠬᠢᠲᠡᠶ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠡᠯ᠎ᠡ ᠵᠦᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ︽ᠠᠰᠠᠭᠤᠳᠠᠯ ᠤᠨ ᠨᠠᠷᠢᠨ ᠲᠠᠩᠰᠠ︾ ᠶᠢ ᠦᠨᠡᠨ ᠬᠦ ᠣᠯᠠᠨ ᠲᠦᠮᠡᠨ ᠤ ︽ᠬᠠᠨᠤᠮᠵᠢᠲᠠᠶ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃    ᠵᠠᠩ ᠱᠧᠩ ᠵᠢᠶᠠᠩ᠂ ᠱᠧᠨ ᠳ᠋ᠦᠩ ᠮᠧᠢ ᠣᠷᠣᠯᠴᠠᠵᠠᠢ᠃         ᠨᠠᠶᠢᠷᠠᠭᠤᠯᠤᠭᠴᠢ᠄ ᠸᠠᠩ ᠵᠢᠩ ᠵᠢᠩ ᠂ ᠴᠢᠶᠣᠤ ᠮᠢᠨ ᠮᠢᠨ       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2