ᠵᠢᠨᠢᠩ ᠲᠣᠭᠤᠷᠢᠭ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/29
705470.jpg
    10 ᠰᠠᠷ᠎ᠠ ᠶᠢᠨ 28 ᠤ ᠡᠳᠦᠷ᠂ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ᠃     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠠᠨ ᠮᠢᠩ ᠹᠠᠩ᠂ ᠷᠧᠨ ᠶᠦᠩ ᠱᠧᠩ᠂ ᠸᠠᠩ ᠬᠦᠶ ᠴᠧᠩ ᠂ ᠰᠦᠶ ᠪᠦ᠋ ᠱᠧᠩ ᠬᠤᠷᠠᠯ ᠳᠤ ᠣᠷᠣᠯᠴᠠᠵᠠᠶ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠬᠤᠩ ᠪᠥᠸᠧ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠬᠥᠮᠦᠨ 28 ᠪᠠᠶᠢᠵᠤ᠂ ᠪᠣᠳᠠᠲᠠᠶ ᠣᠷᠣᠯᠴᠠᠭᠰᠠᠨ ᠨᠢ 24 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃     ᠬᠤᠷᠠᠯ ᠠᠴᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠰᠢᠤᠢ ᠯᠦᠩ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃ ᠬᠤᠷᠠᠯ ᠠᠴᠠ ᠵᠢᠨᠢᠩ ᠲᠣᠭᠤᠷᠢᠭ ᠤᠨ ᠰᠣᠩᠭᠤᠨ ᠭᠠᠷᠭᠠᠭᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠡᠯᠡᠯᠲᠡ ᠬᠢᠪᠡ ᠃ ᠬᠤᠷᠠᠯ ᠠᠴᠠ ︽ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ︿ᠵᠢᠷᠭᠤᠭᠠᠨ ᠠᠬᠢᠭᠤᠯᠬᠤ ᠲᠦᠷᠢᠮ﹀ ᠪᠣᠯᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠮᠠᠨ ᠤ ᠲᠤᠭᠤᠷᠢᠭ ᠤᠨ ᠵᠠᠰᠠᠭ ᠵᠠᠬᠢᠷᠭᠠᠨ᠂ ᠠᠵᠢᠯ ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠮᠠᠨ ᠤ ᠲᠤᠭᠤᠷᠢᠭ ᠤᠨ ᠢᠯᠴᠢ ᠬᠠᠩᠭᠠᠬᠤ ︿ᠳᠤᠯᠠᠭᠠᠨ ᠢᠨᠵᠧᠨᠧᠷᠢᠩ﹀ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠰᠢᠤᠢ ᠯᠦᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤᠮᠳᠠᠬᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠢᠨᠢᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠦᠷᠭᠦᠯᠵᠢᠯᠡᠨ ᠬᠦᠴᠦᠯᠡᠵᠦ᠂ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠪᠠᠷ ᠲᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ ᠨᠢᠭᠲᠠᠷᠠᠭᠤᠯᠵᠤ᠂ ᠮᠠᠨ ᠤ ᠲᠣᠭᠤᠷᠢᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠨᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠬᠠᠮᠲᠤ ᠪᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠳᠤ ᠦᠷᠭᠦᠯᠵᠢᠯᠡᠨ ᠪᠠᠲᠤ ᠴᠢᠩᠭ᠎ᠠ ᠲᠦᠷᠢᠮ ᠤᠨ ᠲᠤᠯᠭᠠᠭᠤᠷᠢᠯᠠᠯ ᠪᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃         ᠨᠠᠶᠢᠷᠠᠭᠤᠯᠤᠭᠴᠢ᠄ ᠸᠠᠩ ᠵᠢᠩ ᠵᠢᠩ᠂  ᠴᠢᠶᠣᠤ ᠮᠢᠨ ᠮᠢᠨ         ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2