| | | | | | 10 ᠰᠠᠷ᠎ᠠ ᠶᠢᠨ 28 ᠤ ᠡᠳᠦᠷ᠂ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠢᠤᠢ ᠯᠦᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠠᠨ ᠮᠢᠩ ᠹᠠᠩ᠂ ᠷᠧᠨ ᠶᠦᠩ ᠱᠧᠩ᠂ ᠸᠠᠩ ᠬᠦᠶ ᠴᠧᠩ | ᠂ ᠰᠦᠶ ᠪᠦ᠋ ᠱᠧᠩ ᠬᠤᠷᠠᠯ ᠳᠤ ᠣᠷᠣᠯᠴᠠᠵᠠᠶ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠬᠤᠩ ᠪᠥᠸᠧ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠬᠥᠮᠦᠨ 28 ᠪᠠᠶᠢᠵᠤ᠂ | ᠪᠣᠳᠠᠲᠠᠶ ᠣᠷᠣᠯᠴᠠᠭᠰᠠᠨ ᠨᠢ 24 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠬᠤᠷᠠᠯ ᠠᠴᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ | ᠶᠠᠪᠤᠳᠠᠯ ᠢ ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠰᠢᠤᠢ ᠯᠦᠩ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ | ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ | ᠬᠠᠤᠯᠢ ᠳᠤ ᠲᠠᠩᠭᠠᠷᠢᠭᠯᠠᠪᠠ᠃ | ᠬᠤᠷᠠᠯ ᠠᠴᠠ ᠵᠢᠨᠢᠩ ᠲᠣᠭᠤᠷᠢᠭ ᠤᠨ ᠰᠣᠩᠭᠤᠨ ᠭᠠᠷᠭᠠᠭᠰᠠᠨ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠦᠨᠡᠯᠡᠯᠲᠡ ᠬᠢᠪᠡ ᠃ ᠬᠤᠷᠠᠯ ᠠᠴᠠ ︽ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ | ᠥᠪᠡᠷᠲᠡᠭᠡᠨ ᠵᠠᠰᠠᠬᠤ ᠣᠷᠣᠨ ᠤ ︿ᠵᠢᠷᠭᠤᠭᠠᠨ ᠠᠬᠢᠭᠤᠯᠬᠤ ᠲᠦᠷᠢᠮ﹀ ᠪᠣᠯᠤᠨ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ︾᠂ ︽ᠮᠠᠨ ᠤ ᠲᠤᠭᠤᠷᠢᠭ ᠤᠨ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠢ ᠶᠢᠨ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︾᠂ ︽ᠮᠠᠨ ᠤ ᠲᠤᠭᠤᠷᠢᠭ ᠤᠨ ᠢᠯᠴᠢ ᠬᠠᠩᠭᠠᠬᠤ ︿ᠳᠤᠯᠠᠭᠠᠨ ᠢᠨᠵᠧᠨᠧᠷᠢᠩ﹀ | ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠴᠤ | ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠰᠢᠤᠢ ᠯᠦᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤᠮᠳᠠᠬᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ | ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠢᠨᠢᠩ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ | ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠦᠷᠭᠦᠯᠵᠢᠯᠡᠨ ᠬᠦᠴᠦᠯᠡᠵᠦ᠂ ᠥᠨᠳᠥᠷ ᠪᠦᠲᠦᠮᠵᠢᠲᠡᠢ | ᠬᠢᠨᠠᠯᠲᠠ ᠲᠠᠯᠪᠢᠬᠤ ᠪᠠᠷ ᠲᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ | ᠨᠢᠭᠲᠠᠷᠠᠭᠤᠯᠵᠤ᠂ ᠮᠠᠨ ᠤ ᠲᠣᠭᠤᠷᠢᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ | ᠬᠤᠶᠠᠷ ᠬᠤᠷᠢᠶ᠎ᠠ︾ ᠨᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠬᠦᠴᠦᠲᠡᠢ ᠠᠷᠭ᠎ᠠ | ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠵᠤ᠂ ᠬᠦᠴᠦᠷᠬᠡᠭ ᠶᠡᠭᠡ | ᠬᠠᠮᠲᠤᠷᠠᠯ ᠬᠦᠴᠦᠨ ᠢ ᠬᠠᠮᠲᠤ ᠪᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠳᠤ ᠦᠷᠭᠦᠯᠵᠢᠯᠡᠨ ᠪᠠᠲᠤ ᠴᠢᠩᠭ᠎ᠠ ᠲᠦᠷᠢᠮ ᠤᠨ ᠲᠤᠯᠭᠠᠭᠤᠷᠢᠯᠠᠯ ᠪᠠ | ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠤ ᠮᠢᠨ ᠮᠢᠨ | ᠤᠷᠴᠢᠭᠤᠯᠤᠭᠴᠢ᠄ ᠲᠤᠶᠠᠭ᠎ᠠ |