| 10 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠵᠠᠩ ᠶᠦᠩ ᠸᠧᠨ | ᠬᠡᠯᠡᠭᠰᠡᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠯᠳᠤᠬᠤ | ᠪᠤᠳᠤᠯᠭ᠎ᠠ ᠶᠢᠨ ᠪᠦᠬᠦ ᠲᠠᠯ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ | ᠪᠣᠯᠤᠨ᠎ᠠ᠂ ᠪᠦᠬᠦ ᠲᠤᠭᠤᠷᠢᠭ ᠢᠶᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠳᠤ ᠴᠠᠭ ᠲᠤᠬᠠᠢ ᠳᠤᠨᠢ ︽ | ᠡᠷᠭᠢᠵᠦ ᠬᠠᠷᠠᠬᠤ︾᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ | ᠨᠥᠬᠦᠪᠥᠷᠢᠯᠡᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠱᠠᠲᠤᠨ ᠤ | ᠲᠠᠩᠰᠠ ᠡᠪᠬᠡᠮᠡᠯ ᠢ ᠡᠮᠬᠢᠯᠡᠬᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ᠂ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ | ᠰᠠᠶᠢᠲᠤᠷ ᠬᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠬᠠᠪᠰᠤᠷᠤᠨ | ᠲᠡᠳᠬᠦᠬᠦ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ | ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠠᠳᠠᠭᠤ ᠠᠴᠠ | ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠪᠣᠳᠠᠲᠠᠢ ᠠᠵᠢᠯᠯᠠᠵᠤ ᠪᠣᠳᠠᠲᠠᠢ | ᠠᠮᠵᠢᠯᠲᠠ ᠪᠦᠲᠦᠮᠵᠢ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |