ᠺᠠᠩ ᠬᠠᠶ ᠷᠦᠢ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/12
    11 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠮᠠᠨ ᠤ ᠲᠤᠭᠤᠷᠢᠭ ᠤᠨ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠥᠭᠵᠢᠯᠲᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠡᠯᠡᠳᠬᠡᠯ ᠠᠵᠢᠯ ᠤᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃    ᠺᠠᠩ ᠬᠠᠶ ᠷᠦᠢ ᠤᠷᠢᠳ ᠬᠤᠵᠢᠳ ᠵᠢᠨᠢᠩ ᠵᠠᠮ ᠤᠨ ᠡᠷᠲᠡᠨ ᠤ ᠬᠤᠲᠠ᠂ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠬᠤᠲᠠ᠂ ᠪᠸᠢ ᠭᠤᠸᠠᠨ ᠢ ᠪᠠᠭᠤᠳᠠᠯ᠂ ᠴᠠᠬᠠᠷ  ᠴᠠᠰᠤᠨ ᠴᠠᠨ᠎ᠠ ᠶᠢᠨ ᠲᠠᠯᠠᠪᠠᠶ᠂ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠶ ᠵᠡᠷᠭᠡ ᠭᠠᠵᠠᠷ ᠲᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠵᠤ᠂ ᠲᠥᠰᠦᠯ ᠤᠨ ᠵᠢᠷᠤᠭ ᠲᠥᠯᠥᠪᠯᠡᠭᠡ᠂ ᠡᠵᠡᠩᠨᠡᠯᠲᠡ ᠬᠠᠮᠢᠶᠠᠷᠤᠯᠲᠠ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠶ᠋ᠯᠡᠳᠬᠦᠨ ᠤ ᠬᠠᠩᠭᠠᠯᠭ᠎ᠠ᠂ ᠠᠶᠠᠨᠴᠢᠳ ᠤᠨ ᠤᠷᠤᠰᠬᠠᠯ ᠤᠨ ᠬᠡᠮᠵᠢᠶ᠎ᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠣᠭᠴᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃    ᠺᠠᠩ ᠬᠠᠶ ᠷᠦᠢ ᠬᠡᠯᠡᠬᠦ ᠳᠡᠭᠡᠨ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠵᠢᠭᠤᠯᠴᠢᠯᠠᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠤᠨ᠂ ᠴᠢᠨᠠᠷ ᠰᠠᠶᠢᠲᠠᠶ ᠵᠢᠭᠤᠯᠴᠢᠯᠠᠯ ᠤᠨ ᠦᠶ᠋ᠯᠡᠳᠬᠦᠨ ᠢ ᠡᠭᠦᠳᠴᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠵᠢᠭᠤᠯᠴᠢᠯᠠᠯ ᠤᠨ ᠵᠠᠬ᠎ᠠ ᠳᠡᠯᠭᠡᠭᠦᠷ ᠪᠠ ᠬᠡᠷᠡᠭᠯᠡᠭᠴᠢᠳ ᠤᠨ ᠬᠡᠷᠡᠭᠴᠡᠭᠡ ᠳᠤ ᠨᠡᠶᠢᠴᠡᠬᠦ ᠣᠨᠴᠠᠯᠢᠭᠲᠤ ᠨᠠᠷᠠᠲᠤ ᠲᠡᠮᠳᠡᠭ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ ᠭᠡᠵᠡᠶ᠃ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠤᠨ ᠪᠥᠬᠦ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠵᠤ᠂ ᠰᠣᠶᠣᠯ ᠵᠤᠭᠠᠴᠠᠯ ᠤᠨ  ᠦᠢᠯᠡᠳᠭᠦᠨ ᠪᠠ ᠬᠡᠷᠡᠭᠯᠡᠭᠡᠨ ᠤ ᠪᠠᠶᠢᠳᠠᠯ ᠢ ᠰᠢᠨ᠎ᠡ ᠪᠠᠷ ᠡᠭᠦᠳᠴᠦ᠂ ᠦᠷᠭᠦᠯᠵᠢᠯᠡᠬᠦ ᠲᠤᠯᠭᠠᠭᠤᠷᠢᠯᠠᠯ ᠲᠠᠢ ᠠᠵᠤ  ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠤᠭᠠᠴᠠᠯ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠳᠣᠲᠣᠭᠠᠳᠤ ᠶᠢᠨ ᠵᠠᠮ ᠬᠠᠷᠢᠯᠴᠠᠭ᠎ᠠ ᠶᠢ ᠳᠡᠭᠡᠭᠰᠢᠯᠡᠭᠦᠯᠬᠦ ᠪᠠ ᠭᠠᠳᠠᠭᠠᠳᠤ ᠵᠠᠮ ᠬᠠᠷᠢᠯᠴᠠᠭ᠎ᠠ ᠶᠢ ᠵᠣᠯᠭᠠᠭᠤᠯᠬᠤ ᠶᠢ ᠰᠠᠶᠢᠲᠤᠷ ᠠᠳᠬᠤᠵᠤ᠂ ᠡᠯ᠎ᠡ ᠵᠤᠭᠠᠴᠠᠯ ᠤᠨ ᠦᠵᠡᠮᠵᠢ ᠶᠢᠨ ᠣᠷᠣᠨ ᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠵᠤᠭᠠᠴᠠᠭᠰᠠᠳ ᠢ ᠵᠤᠭᠠᠴᠠᠨ ᠨᠠᠭᠠᠳᠬᠤ ᠳᠤ ᠨᠡᠩ ᠳᠥᠭᠦᠮ᠂ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ᠃ ᠤᠯᠠᠨ ᠡᠰᠢᠴᠢᠯᠡᠭᠰᠡᠨ ᠵᠤᠭᠠᠴᠠᠯ ᠤᠨ ᠦᠢᠯᠡᠰ ᠢ ᠥᠷᠭᠡᠳᠬᠡᠵᠦ᠂ ᠶᠠᠰᠤ ᠴᠢᠨᠠᠷ ᠤᠨ ᠠᠭᠤᠯᠤᠭᠳᠠᠬᠤᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠨᠢᠨ ᠳᠡᠭᠡᠷ᠎ᠡ ᠨᠢ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠪᠦᠯ ᠤᠨ ᠤᠯᠠᠷᠢᠯ ᠤᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠱᠧᠨ ᠳ᠋ᠦᠩ ᠮᠧᠢ ᠣᠷᠣᠯᠴᠠᠵᠠᠢ᠃                   ᠨᠠᠶᠢᠷᠠᠭᠤᠯᠤᠭᠴᠢ᠄ ᠸᠠᠩ ᠵᠢᠩ ᠵᠢᠩ                   ᠤᠷᠴᠢᠭᠤᠯᠤᠭᠴᠢ᠄ ᠲᠤᠶᠠᠭ᠎ᠠ    
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2