| ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠡ᠄ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ 2024 ᠣᠨ ᠤ 11 ᠰᠠᠷ᠎ᠠ ᠶᠢᠨ 10 ᠤ ᠡᠳᠦᠷ ᠠᠴᠠ 11 | ᠰᠠᠷ᠎ᠠ ᠶᠢᠨ 22 ᠤᠨ ᠡᠳᠦᠷ ᠪᠣᠯᠲᠠᠯ᠎ᠠ᠂ ᠭᠤᠸᠠᠩ ᠮᠢᠩ ᠵᠠᠮ ᠬᠢᠭᠡᠳ ᠧᠨ ᠾᠧ ᠶᠡᠭᠡ ᠵᠡᠭᠡᠯᠢ ᠶᠢᠨ ᠠᠭᠤᠯᠵᠠᠷ ᠲᠤ | ᠰᠢᠲᠠᠮᠠᠬᠠᠶ ᠬᠡᠢ ᠶᠢᠨ ᠬᠤᠭᠤᠯᠠᠶ ᠶᠢᠨ ᠬᠠᠭᠤᠴᠢᠷᠠᠵᠤ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠢᠨᠵᠧᠨᠧᠷᠢᠩ ᠢ | ᠬᠡᠷᠡᠭᠵᠢᠭᠦᠯᠦᠨ᠎ᠡ᠃ ᠪᠠᠷᠢᠯᠭ᠎ᠠ ᠶᠢᠨ ᠠᠬᠢᠴᠠ ᠪᠠ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ | ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠠᠮᠢᠳᠤᠷᠠᠯ ᠪᠠ ᠦᠢᠯᠡᠳᠪᠦᠷᠢᠯᠡᠯ ᠳᠤ | ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠠ᠂ ᠡᠳᠦᠭᠡ ᠬᠤᠯᠪᠣᠭᠳᠠᠯ | ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠠᠷᠢᠯᠭ᠎ᠠ ᠪᠠᠷᠢᠬᠤ ᠬᠦᠷᠢᠶ᠎ᠡ ᠬᠡᠪᠴᠢᠶ᠎ᠡ᠄ ᠭᠤᠸᠠᠩ ᠮᠢᠩ ᠵᠠᠮ ᠬᠢᠭᠡᠳ ᠡᠩᠬᠡᠲᠦ ᠶᠡᠭᠡ ᠵᠡᠭᠡᠯᠢ ᠶᠢᠨ ᠠᠭᠤᠯᠵᠠᠷ | ᠬᠤᠶᠠᠷ᠂ ᠪᠠᠷᠢᠯᠭ᠎ᠠ ᠶᠢᠨ ᠠᠭᠤᠯᠭ᠎ᠠ᠄ ᠪᠠᠷᠢᠯᠭ᠎ᠠ ᠶᠢᠨ ᠬᠡᠪᠴᠢᠶ᠎ᠡ ᠪᠦᠬᠦᠢ ᠰᠢᠲᠠᠮᠠᠬᠠᠶ ᠬᠡᠢ ᠶᠢᠨ ᠬᠤᠭᠤᠯᠠᠶ ᠶᠢ | ᠰᠢᠨᠡᠳᠬᠡᠨ ᠥᠭᠡᠷᠡᠴᠢᠯᠡᠨ᠎ᠡ᠃ | ᠭᠤᠷᠪᠠ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ᠄ | 1. ᠪᠠᠷᠢᠯᠭ᠎ᠠ ᠶᠢᠨ ᠵᠠᠮ ᠤᠨ ᠬᠡᠰᠡᠭ ᠲᠤ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠠᠮ | ᠬᠠᠷᠢᠯᠴᠠᠭᠠᠨ ᠤ ᠰᠠᠨᠠᠭᠤᠯᠤᠮᠵᠢ ᠶᠢᠨ ᠲᠡᠮᠳᠡᠭ ᠪᠠ ᠰᠡᠷᠡᠮᠵᠢ ᠶᠢᠨ ᠲᠡᠮᠳᠡᠭ ᠭᠠᠷᠭᠠᠵᠤ᠂ ᠪᠠᠷᠢᠯᠭ᠎ᠠ ᠶᠢᠨ ᠵᠠᠮ ᠤᠨ | ᠬᠡᠰᠡᠭ ᠲᠤ ᠪᠠᠷᠢᠯᠭ᠎ᠠ ᠶᠢᠨ ᠠᠵᠢᠯ ᠤᠨ ᠵᠠᠮ ᠬᠠᠷᠢᠯᠴᠠᠭᠠᠨ ᠤ ᠰᠠᠨᠠᠭᠤᠯᠤᠮᠵᠢ ᠶᠢᠨ ᠫᠠᠶᠢᠰᠠ ᠶᠢ ᠴᠢᠩᠭ᠎ᠠ ᠵᠢᠷᠤᠮᠯᠠᠨ | ᠲᠣᠭᠤᠷᠢᠨ ᠶᠠᠪᠤᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠠᠵᠢᠯᠲᠠᠨ ᠤ ᠵᠢᠯᠣᠭᠤᠳᠣᠯᠭ᠎ᠠ ᠶᠢ ᠳᠠᠭᠠᠵᠤ᠂ | ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠭᠤᠯᠵᠤ ᠡᠮᠬᠢ ᠵᠢᠷᠤᠮ ᠲᠠᠢ ᠪᠠᠷ ᠨᠡᠪᠲᠡᠷᠡᠭᠦᠯᠦᠨ᠎ᠡ᠃ | 2. ᠰᠠᠭᠤᠭᠠᠯᠢ ᠠᠷᠠᠳ ᠪᠣᠯᠤᠨ ᠵᠠᠮ ᠥᠩᠭᠡᠷᠡᠬᠦ ᠬᠥᠮᠦᠰ ᠪᠠᠷᠢᠯᠭ᠎ᠠ ᠶᠢᠨ ᠠᠵᠢᠯ ᠤᠨ ᠣᠷᠣᠨ ᠳᠤ ᠣᠷᠣᠬᠤ ᠶᠢ | ᠴᠠᠭᠠᠵᠠᠯᠠᠨ᠎ᠠ᠃ | 3. ᠰᠥᠨᠢ ᠪᠠᠷ ᠠᠶᠠᠯᠠᠬᠤ ᠲᠡᠷᠭᠡ ᠪᠠ ᠬᠥᠮᠦᠰ ᠠᠩᠬᠠᠷᠤᠭᠤᠯᠬᠤ ᠲᠡᠮᠳᠡᠭ ᠪᠠ ᠰᠡᠷᠡᠮᠵᠢᠯᠡᠭᠦᠯᠬᠦ ᠲᠡᠮᠳᠡᠭ ᠢ ᠠᠩᠬᠠᠷᠤᠨ | ᠠᠵᠢᠭᠯᠠᠵᠤ᠂ ᠪᠠᠷᠢᠯᠭ᠎ᠠ ᠶᠢᠨ ᠠᠵᠢᠯ ᠤᠨ ᠣᠷᠣᠨ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠶ᠃ | ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠥᠭᠡᠷᠡᠴᠢᠯᠡᠯᠲᠡ ᠶᠢ ᠥᠭᠡᠷᠡᠴᠢᠯᠡᠬᠦ ᠢᠨᠵᠧᠨᠧᠷᠢᠩ ᠤᠨ | ᠪᠠᠷᠢᠯᠭ᠎ᠠ ᠶᠢᠨ ᠠᠵᠢᠯ ᠬᠢᠭᠰᠡᠨ ᠠᠴᠠ ᠡᠷᠬᠢᠨ ᠲᠣᠭᠤᠷᠢᠨ ᠤ ᠨᠢᠭᠡᠴᠢ᠂ ᠬᠤᠳᠠᠯᠳᠤᠭᠠᠨ ᠤ ᠡᠷᠦᠬᠡ ᠵᠢᠴᠢ ᠰᠠᠭᠤᠭᠠᠯᠢ | ᠠᠷᠠᠳ ᠲᠤ ᠨᠥᠯᠥᠭᠡ ᠪᠠ ᠳᠥᠭᠦᠮ ᠦᠭᠡᠢ ᠪᠠᠶᠢᠳᠠᠯ ᠤᠴᠠᠷᠠᠭᠤᠯᠤᠭᠰᠠᠨ ᠳᠤ᠂ ᠠᠭᠤᠴᠢᠯᠠᠬᠤ ᠶᠢ ᠬᠦᠰᠡᠵᠦ ᠪᠠᠶᠢᠨ᠎ᠠ | ᠃ | ᠵᠢᠨᠢᠩ ᠲᠣᠭᠤᠷᠢᠭ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠦᠶᠯᠡᠴᠢᠯᠡᠭᠡᠨ ᠤ ᠲᠥᠪ | 2024 ᠣᠨ ᠤ 11 ᠰᠠᠷ᠎ᠠ ᠶᠢᠨ 9 ᠤ ᠡᠳᠦᠷ | | |