ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/11/13
    11 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠵᠥᠪ ᠣᠨᠣᠪᠴᠢᠲᠠᠢ ᠥᠭᠡᠷᠡᠴᠢᠯᠡᠯᠲᠡ ᠶᠢᠨ ᠴᠢᠭᠯᠡᠯ ᠢ ᠪᠠᠲᠤ ᠡᠵᠡᠮᠳᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠴᠢᠬᠤᠯᠠ ᠶᠡᠭᠡ ᠵᠠᠷᠴᠢᠮ ᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠨ ᠤ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠶᠢ ᠳᠡᠮᠵᠢᠵᠦ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠭᠠᠳᠠᠭᠠᠳᠤ ᠨᠡᠭᠡᠭᠡᠯᠳᠡ ᠶᠢᠨ ᠲᠦᠪᠰᠢᠨ ᠢᠶᠠᠨ ᠲᠠᠰᠤᠷᠠᠯᠳᠠ ᠦᠭᠡᠢ ᠥᠷᠭᠡᠳᠬᠡᠵᠦ᠂ ᠰᠢᠨ᠎ᠡ ᠡᠨᠧᠷᠭᠢ᠂ ᠲᠤᠮᠤ ᠳ᠋ᠠᠶᠢᠲ᠋ᠠ ᠵᠡᠷᠭᠡ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ ᠂ ᠬᠦᠴᠢᠷᠳᠡᠯᠲᠡᠶ ᠣᠯᠠᠨ ᠲᠦᠮᠡᠨ᠂ ᠵᠡᠮᠳᠡᠭᠴᠦᠳ ᠵᠡᠷᠭᠡ ᠡᠯ᠎ᠡ ᠲᠥᠷᠥᠯ ᠤᠨ ᠬᠠᠮᠲᠤᠯᠢᠭ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ᠂ ᠣᠷᠣᠰᠢᠭᠤᠯᠭ᠎ᠠ ᠵᠡᠷᠭᠡ ᠦᠨᠳᠦᠰᠦᠨ ᠨᠡᠶᠢᠭᠡᠮ ᠤᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠴᠠᠯᠢᠩ ᠥᠷᠢᠲᠦᠬᠦ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠡᠮᠬᠢᠯᠡᠵᠦ᠂ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢ ᠰᠠᠶᠢᠲᠤᠷ ᠬᠡᠷᠡᠭᠯᠡᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠯ ᠶᠣᠰᠣᠭᠠᠷ ᠨᠠᠮ ᠢ ᠵᠠᠰᠠᠬᠤ ᠴᠢᠬᠤᠯᠠ ᠥᠭᠦᠯᠡᠯᠲᠡ ᠶᠢ ᠲᠤᠭᠤᠰᠢᠯᠠᠭᠤᠯᠬᠤ ᠪᠣᠳᠠᠲᠠᠢ ᠠᠵᠢᠯᠯᠠᠭ᠎ᠠ ᠮᠥᠨ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢᠨ ᠤᠯᠤᠰ ᠲᠦᠷᠦ ᠶᠢᠨ ᠪᠠᠲᠤᠯᠠᠭ᠎ᠠ ᠮᠥᠨ᠂ ᠪᠦᠬᠦ ᠲᠤᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠲᠦᠷᠢᠮ ᠲᠣᠭᠲᠠᠭᠠᠯ ᠢ ᠬᠡᠷᠡᠭᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠬᠤ ᠠᠵᠢᠯ ᠤᠨ ᠶᠠᠰᠤ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠦᠷᠢᠮ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ᠬᠤᠷᠠᠯ ᠠᠴᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠲᠠᠩᠰᠠ ᠡᠪᠬᠡᠮᠡᠯ ᠤᠨ ᠠᠵᠢᠯ ᠨᠠᠮ ︾ ᠢ ᠢᠮᠠᠭᠲᠠ ᠪᠠᠲᠤ ᠴᠡᠭᠡᠵᠢᠯᠡᠵᠦ᠂ ᠤᠯᠤᠰ ᠲᠥᠷᠥ ᠶᠢ ᠡᠷᠬᠢᠮᠯᠡᠬᠦ ᠱᠠᠭᠠᠷᠳᠠᠯᠭ᠎ᠠ ᠶᠢ ᠲᠠᠩᠰᠠ ᠡᠪᠬᠡᠮᠡᠯ ᠤᠨ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠶ᠃ ᠲᠠᠩᠰᠠ ᠡᠪᠬᠡᠮᠡᠯ ᠤᠨ ᠵᠠᠰᠠᠯᠲᠠ ᠪᠠ ᠲᠠᠩᠰᠠ ᠡᠪᠬᠡᠮᠡᠯ ᠤᠨ ᠡᠬᠢ ᠪᠠᠶᠠᠯᠢᠭ᠂ ᠲᠠᠩᠰᠠ ᠡᠪᠬᠡᠮᠡᠯ ᠤᠨ ᠠᠰᠢᠭᠯᠠᠯᠲᠠ᠂ ᠲᠠᠩᠰᠠ ᠡᠪᠬᠡᠮᠡᠯ ᠤᠨ ᠠᠮᠤᠷ ᠲᠦᠪᠰᠢᠨ ᠤ ︽ᠳᠥᠷᠪᠡᠨ ᠰᠢᠰᠲ᠋ᠧᠮᠵᠢ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠮᠠᠨ ᠤ ᠲᠤᠭᠤᠷᠢᠭ ᠤᠨ ᠲᠠᠩᠰᠠ ᠡᠪᠬᠡᠮᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠢ ᠤᠶᠠᠯᠳᠤᠭᠤᠯᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠣᠨᠴᠠᠯᠢᠭ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠴᠢᠬᠤᠯᠠ ᠲᠤᠬᠠᠶᠢᠯᠠᠭᠰᠠᠨ ᠠᠵᠢᠯ᠂ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠵᠦ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠲᠦᠷᠢᠮ ᠤᠨ ᠳᠠᠪᠠᠭᠤᠯᠢᠭ ᠢ ᠦᠨᠡᠨᠬᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ︽︿ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ﹀ ᠳᠤ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠪᠣᠯ ᠨᠠᠮ ᠤᠨ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠮᠥᠨ᠂ ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠤᠳᠤᠷᠢᠳᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ︽ᠠᠷᠭ᠎ᠠ︾ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠡᠷᠡ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠲᠡᠭᠦᠯᠳᠡᠷᠵᠢᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2