ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ  ᠲᠤᠭᠤᠷᠢᠭ ᠲᠤ ᠲᠤᠰᠬᠠᠶ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/13
    11 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠩᠭᠠᠩ ᠣᠣᠮᠧᠨ ᠲᠠᠶᠢᠸᠠᠨ ᠤ ᠬᠠᠷᠢᠶᠠᠲᠤ ᠨᠠᠷ  ᠪᠠ ᠭᠠᠳᠠᠭᠠᠳᠤ ᠶᠠᠪᠤᠳᠠᠯ ᠤᠨ ᠵᠥᠪᠯᠡᠯ ᠤᠨ ᠡᠷᠬᠢᠯᠡᠭᠴᠢ ᠵᠠᠩ ᠪᠥᠸᠧ ᠨᠡᠷ ᠵᠢᠨᠢᠩ ᠲᠣᠭᠤᠷᠢᠭ ᠲᠤ ᠢᠷᠡᠵᠦ᠂ ︽ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠶ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠶᠢᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂ ᠳᠡᠳ᠋ ᠲᠡᠷᠢᠭᠦᠯᠡᠭᠴᠢ ᠯᠢᠦ ᡁᠢ ᠷᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠤᠸᠠᠨ ᠱᠠᠨ ᠵᠡᠭᠡᠯᠢ ᠭᠤᠳᠤᠮᠵᠢ ᠶᠢᠨ ᠴᠠᠬᠠᠷ ᠨᠡᠶᠢᠭᠡᠮ ᠲᠣᠭᠤᠷᠢᠭ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠰᠢᠭᠦᠳ ᠤᠨ ᠠᠵᠢᠯᠯᠠᠭ᠎ᠠ ᠥᠷᠨᠢᠭᠦᠯᠦᠭᠰᠡᠨ᠂ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠲᠠᠪᠴᠠᠩ ᠤᠨ ᠪᠠᠶᠢᠭᠤᠯᠤᠯᠲᠠ᠂ ᠲᠦᠷᠢᠮ ᠲᠣᠭᠲᠠᠴᠠ ᠶᠢ ᠲᠡᠭᠦᠯᠳᠡᠷᠵᠢᠭᠦᠯᠦᠭᠰᠡᠨ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠨᠠᠮ ᠵᠠᠰᠠᠭ ᠤᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠃ ᠪᠣᠳᠠᠲᠠᠢ ᠠᠵᠢᠯ ᠤᠨ ᠳᠤᠮᠳᠠ ᠰᠢᠨ᠎ᠡ ᠬᠡᠯᠪᠡᠷᠢ ᠶᠢ ᠬᠠᠶᠢᠨ ᠰᠦᠪᠡᠭᠴᠢᠯᠡᠵᠦ᠂ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠬᠡᠷᠡᠭ ᠵᠥᠪᠯᠡᠬᠦ ᠲᠠᠪᠴᠠᠩ ᠢ ᠠᠰᠢᠭᠯᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠮᠤᠭ ᠤᠨ ᠶᠡᠭᠡ ᠬᠡᠮᠵᠢᠶ᠎ᠡ ᠪᠠᠷ ᠬᠠᠷᠢᠭᠤᠯᠲᠠ ᠥᠭᠴᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠴᠢᠳᠠᠪᠤᠷᠢ ᠶᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠃ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠯᠦᠭᠡ ᠶᠢᠨ ᠬᠤᠭᠤᠷᠣᠨᠳᠣᠬᠢ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠵᠥᠪ ᠲᠠᠯ᠎ᠠ ᠠᠴᠠ ᠦᠭᠡ ᠬᠡᠯᠡᠬᠦ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠨᠠᠢᠷᠠᠭᠤᠯᠤᠭᠴᠢ ᠄ ᠸᠠᠩ ᠵᠢᠩ ᠵᠢᠩ ᠂ ᠴᠢᠶᠣᠤ ᠮᠢᠨ ᠮᠢᠨ    ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2