| 11 ᠰᠠᠷ᠎ᠠ ᠶᠢᠨ 14 ᠤ ᠡᠳᠦᠷ᠂ ᠮᠠᠨ ᠤ ᠲᠤᠭᠤᠷᠢᠭ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠵᠠᠳᠠᠯᠤᠯᠲᠠ ᠬᠢᠵᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠳ᠋ᠧᠦ ᠲᠤᠤ ᠷᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠠᠷᠭᠤ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ | ᠵᠥᠪᠯᠡᠬᠦ ᠬᠠᠤᠯᠢ︾ ᠶᠢ ᠤᠯᠠᠮᠵᠢᠯᠠᠨ ᠰᠤᠷᠤᠯᠴᠠᠪᠠ ᠃ ᠬᠤᠯᠪᠣᠭᠳᠠᠯ ᠪᠦᠬᠦᠢ ᠨᠢᠭᠡᠴᠢ ᠶᠢᠨ ᠵᠠᠰᠠᠭ ᠵᠠᠬᠢᠷᠭᠠᠨ ᠤ | ᠵᠠᠷᠭᠤ ᠶᠢᠨ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠮᠠᠨ ᠤ | ᠲᠤᠭᠤᠷᠢᠭ ᠤᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠦᠨᠳᠦᠰᠦᠨ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠭᠤᠣᠯ ᠠᠭᠤᠯᠭ᠎ᠠ ᠶᠢ ᠡᠵᠡᠮᠳᠡᠵᠦ᠂ | ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠠᠵᠢᠯ ᠤᠨ ᠡᠯ᠎ᠡ ᠭᠤᠭᠴᠤᠭ᠎ᠠ᠂ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ | ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠤᠯ ᠪᠣᠯᠭᠠᠬᠤ ᠠᠵᠢᠯ ᠤᠨ ᠣᠨᠣᠯᠵᠢᠬᠤᠨ ᠢ | ᠪᠠᠲᠤ ᠪᠠᠬᠢ ᠪᠤᠢ ᠪᠣᠯᠭᠠᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠤᠨ᠂ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠴᠤᠪᠤᠷᠠᠯ ᠢ ᠰᠠᠶᠢᠵᠢᠷᠠᠭᠤᠯᠤᠨ᠂ ᠮᠠᠨ ᠤ | ᠲᠤᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ | ᠨᠢᠭᠡᠴᠢ ᠶᠢᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠ ᠣᠷᠣᠰᠢᠵᠤ᠂ ᠳᠠᠯᠳᠠ ᠠᠰᠠᠭᠤᠳᠠᠯ ᠢ ᠨᠠᠷᠢᠨ | ᠬᠢᠨᠠᠮᠠᠭᠠᠶ ᠵᠢᠭᠰᠠᠭᠠᠨ ᠪᠠᠶᠢᠴᠠᠭᠠᠵᠤ᠂ ᠨᠠᠷᠢᠨ ᠬᠢᠨᠠᠮᠠᠭᠠᠶ ᠡᠮᠬᠢᠯᠡᠵᠦ᠂ ᠢᠯᠡᠷᠡᠭᠦᠯᠦᠭᠰᠡᠨ ᠠᠰᠠᠭᠤᠳᠠᠯ ᠳᠤ ᠰᠢᠯᠲᠠᠭᠠᠨ ᠢ | ᠭᠦᠨᠵᠡᠭᠡᠶ ᠵᠠᠳᠠᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠵᠤ᠂ ᠪᠣᠶ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ | ᠥᠷᠨᠢᠭᠦᠯᠵᠦ᠂ ᠬᠠᠤᠯᠢ ᠬᠡᠷᠡᠭᠵᠢᠭᠦᠯᠬᠦ ᠰᠤᠷᠤᠯᠴᠠᠯᠭ᠎ᠠ ᠶᠢ ᠴᠢᠭᠯᠡᠭᠦᠯᠬᠦ ᠴᠢᠨᠠᠷᠲᠠᠶ ᠪᠠᠷ ᠴᠢᠩᠭᠠᠳᠬᠠᠵᠤ᠂ ᠳᠤᠲᠠᠭᠤᠳᠠᠯ | ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠃ | ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠨᠠᠢᠷᠠᠭᠤᠯᠤᠭᠴᠢ᠄ ᠸᠠᠩ ᠵᠢᠩ ᠵᠢᠩ ᠂ ᠴᠢᠶᠣᠤ ᠮᠢᠨ ᠮᠢᠨ | ᠤᠷᠴᠢᠭᠤᠯᠤᠭᠴᠢ᠄ ᠲᠤᠶᠠᠭ᠎ᠠ |