ᠵᠢᠨᠢᠩ ᠲᠣᠭᠤᠷᠢᠭ ᠤᠨ ᠵᠠᠰᠠᠭ ᠤᠨ ᠣᠷᠳᠣᠨ 2024 ᠣᠨ ᠤ 20 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/15
    11 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 20 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠵᠡᠷᠭᠡ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠮᠠᠨ ᠤ ᠲᠤᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠲᠥᠯᠥᠪᠯᠡᠭᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠰᠠᠭᠤᠳᠠᠯ ᠢ ᠢᠯᠡᠷᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠠᠯ᠎ᠠ ᠪᠠᠷ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠡᠭᠡᠷ᠎ᠡ ᠬᠦᠴᠦ ᠲᠠᠯᠪᠢᠵᠤ᠂ ᠡᠯ᠎ᠡ ᠰᠣᠶᠣᠯ ᠤᠨ ᠬᠠᠮᠠᠭᠠᠯᠠᠯᠲᠠ ᠶᠢᠨ ᠨᠢᠭᠡᠴᠢ ᠶᠢᠨ ᠡᠳᠦᠷ ᠲᠤᠲᠤᠮ ᠤᠨ ᠠᠮᠤᠷ ᠲᠦᠪᠰᠢᠨ ᠢ ᠬᠠᠮᠠᠭᠠᠯᠠᠬᠤ᠂ ᠠᠪᠤᠷᠠᠯᠳᠠ ᠶᠢᠨ ᠴᠢᠨᠠᠷᠲᠠᠶ ᠰᠡᠯᠪᠢᠨ ᠵᠠᠰᠠᠯᠲᠠ ᠵᠡᠷᠭᠡ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠨᠢᠭᠲᠠ ᠤᠶᠠᠯᠳᠤᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠰᠢᠭᠯᠠᠯᠲᠠ ᠶᠢ ᠰᠠᠶᠢᠲᠤᠷ ᠬᠢᠵᠦ᠂ ᠰᠣᠶᠣᠯ ᠤᠨ ᠡᠭᠦᠳᠦᠯᠲᠡ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠡᠯ᠎ᠡ ᠲᠥᠷᠥᠯ ᠤᠨ ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ ᠤ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ ᠬᠥᠮᠦᠨ ᠪᠦᠬᠦᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠬᠠᠯᠠᠮᠵᠢᠯᠠᠬᠤ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠣᠳᠠᠲᠤ ᠪᠠᠶᠢᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠬᠤ ᠤᠬᠠᠮᠰᠠᠷ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ︽ᠤᠤᠯ ᠪᠠᠶᠢᠳᠠᠯ ᠢ ᠬᠠᠮᠠᠭᠠᠯᠠᠬᠤ᠂ ᠬᠠᠮᠤᠭ ᠤᠨ ᠪᠠᠭ᠎ᠠ ᠬᠡᠮᠵᠢᠶ᠎ᠡ ᠪᠠᠷ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠪᠦᠬᠦ ᠲᠠᠯ᠎ᠠ ᠪᠠᠷ ᠳ᠋ᠦᠩᠨᠡᠨ ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠬᠠᠮᠢᠶᠠᠷᠬᠤ ᠲᠠᠯ᠎ᠠ ᠪᠠᠷ᠂ ᠳᠦᠷᠢᠮ ᠢ ᠬᠡᠷᠡᠭᠵᠢᠭᠦᠯᠬᠦ ᠲᠠᠯ᠎ᠠ ᠪᠠᠷ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠮᠤᠷ ᠲᠦᠪᠰᠢᠨ ᠤ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2