ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠡᠶᠢᠭᠡᠮ ᠨᠡᠶᠢᠲᠡ ᠶᠢᠨ ᠠᠮᠤᠷ ᠲᠦᠪᠰᠢᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/11/19
    11 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠪᠠᠶᠠᠷ ᠤᠨ ᠵᠠᠬᠢᠳᠠᠯ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠴᠦ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠭᠢᠯᠠᠯᠵᠠᠭᠤᠯᠵᠤ᠂ ᠮᠠᠨ ᠤ ᠲᠤᠭᠤᠷᠢᠭ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠣᠯᠠᠨ ᠶᠠᠩᠵᠤ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ᠮᠠᠨ ᠤ  ᠲᠤᠭᠤᠷᠢᠭ ᠤᠨ ᠣᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠠᠳᠬᠤᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠭᠦᠢᠴᠡᠳ ᠠᠵᠢᠯ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ᠵᠢᠯ ᠤᠨ ᠡᠴᠦᠰ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠪᠣᠯᠤᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠨᠡᠶᠢᠭᠡᠮ ᠤᠨ ᠠᠵᠢᠯ ᠤᠨ ᠶᠠᠮᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠭᠠᠵᠤ᠂ ᠠᠵᠢᠯ ᠤᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠢ ᠬᠤᠳᠠ ᠶᠢᠨ ᠲᠡᠷᠭᠡ ᠵᠢᠯᠣᠭᠤᠳᠴᠤ ᠮᠥᠷᠭᠦᠯᠳᠦᠭᠰᠡᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠴᠣᠬᠤᠯᠠᠪᠤᠷᠢ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠵᠦ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠬᠤ ᠶᠢ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠤᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠵᠡᠷᠭᠡ ᠲᠣᠭᠲᠠᠴᠠ ᠶᠢ ᠰᠠᠶᠢᠲᠤᠷ ᠬᠡᠷᠡᠭᠯᠡᠵᠦ᠂ ᠵᠥᠷᠢᠴᠡᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ᠂ ᠬᠤᠳᠠᠯᠳᠤᠭᠠᠨ ᠤ ᠬᠦᠷᠢᠶ᠎ᠡ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠤᠷᠠᠯ ᠠᠴᠠ᠂ ︽ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠤᠨ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠡᠵᠡᠮᠳᠡᠵᠦ᠂ ᠮᠠᠨ ᠤ  ᠲᠤᠭᠤᠷᠢᠭ ᠤᠨ  ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠰᠢᠨᠵᠢᠯᠡᠬᠦ ᠤᠬᠠᠭᠠᠨᠴᠢ᠂ ᠤᠨᠢᠨ ᠳᠡᠭᠡᠷ᠎ᠡ ᠨᠢ ᠲᠣᠭᠲᠠᠭᠠᠵᠤ᠂ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠦᠷᠭᠦᠯᠵᠢᠯᠡᠨ ᠴᠢᠩᠭᠠᠳᠬᠠᠵᠤ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠷᠠᠯ ᠠᠴᠠ ᠪᠠᠰᠠ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠵᠢᠨᠢᠩ ᠲᠣᠭᠤᠷᠢᠭ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠬᠤᠷᠢᠶ᠎ᠠ ᠶᠢᠨ ᠮᠡᠳᠡᠭᠦᠯᠦᠯᠲᠡ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶ ᠠᠳᠬᠤᠨ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠦᠷᠢᠮ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠤᠨ ᠪᠣᠳᠠᠲᠠᠢ ᠠᠵᠢᠯ ᠳᠠᠭᠠᠨ ᠠᠭᠤᠰᠤᠯᠴᠠᠭᠤᠯᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠨᠠᠢᠷᠠᠭᠤᠯᠤᠭᠴᠢ᠄  ᠸᠠᠩ ᠵᠢᠩ ᠵᠢᠩ ᠴᠢᠶᠣᠤ ᠮᠢᠨ ᠮᠢᠨ    ᠤᠷᠴᠢᠭᠤᠯᠤᠭᠴᠢ᠄ ᠲᠤᠶᠠᠭ᠎ᠠ   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2