ᠵᠢᠨᠢᠩ ᠲᠣᠭᠤᠷᠢᠭ 2024 ᠣᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/20
705470.jpg
      11 ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ 2024 ᠣᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠪᠡ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠠᠩ ᡁᠢ ᠷᠦᠩ ᠪᠣᠯᠪᠠᠰᠤᠷᠠᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠮᠡᠳᠡᠭᠡ ᠵᠠᠩᠭᠢ ᠶᠢᠨ ᠰᠠᠯᠠᠭᠠᠨ ᠤ ᠸᠠᠩ ᡁᠢ ᠢᠦᠢ ᠪᠣᠯᠤᠨ ᠮᠦ ᠴᠢ ᠬᠤᠶᠠᠷ ᠨᠥᠬᠦᠳ ᠢ  ᠤᠷᠢᠵᠤ᠂ ᠲᠤᠰ ᠲᠤᠰ ︽ᠨᠠᠮ ᠵᠠᠰᠠᠭ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠤᠨ ᠪᠢᠴᠢᠬᠦ ᠪᠠ ᠮᠡᠳᠡᠭᠦᠯᠦᠨ ᠬᠦᠷᠭᠡᠬᠦ︾ ᠂ ︽ᠤᠯᠤᠰ ᠲᠦᠷᠦ ᠶᠢᠨ ᠲᠠᠯ᠎ᠠ ᠠᠴᠠ ᠦᠵᠡᠵᠦ ᠤᠯᠤᠰ ᠲᠦᠷᠦ ᠶᠢᠨ ᠲᠠᠯ᠎ᠠ ᠠᠴᠠ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃     ᠬᠤᠷᠠᠯ ᠳᠡᠭᠡᠷ᠎ᠡ᠂ ᠬᠤᠶᠠᠷ ᠨᠥᠬᠦᠷ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠮᠡᠳᠡᠭᠡ ᠵᠠᠩᠭᠢ ᠶᠢᠨ ᠠᠵᠢᠯ ᠤᠨ ᠭᠤᠤᠯᠳᠠᠯᠭ᠎ᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠᠷᠢᠮᠵᠢᠶ᠎ᠠ᠂ ᠮᠡᠳᠡᠭᠡ ᠵᠠᠩᠭᠢ ᠶᠢᠨ ᠪᠣᠷᠣ ᠮᠠᠲ᠋ᠧᠷᠢᠶᠠᠯ ᠤᠨ ᠰᠡᠳᠦᠪ ᠰᠣᠩᠭᠤᠬᠤ ᠵᠢᠴᠢ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢᠨ ᠲᠣᠮᠢᠶᠠᠯᠠᠯ ᠪᠠ ᠰᠢᠨᠵᠢ ᠴᠢᠨᠠᠷ᠂ ᠲᠠᠰ ᠬᠤᠪᠢᠶᠠᠬᠤ ᠪᠠ ᠲᠥᠷᠥᠯ ᠬᠤᠪᠢᠶᠠᠬᠤ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃     ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠰᠠᠶᠢᠲᠤᠷ ᠬᠢᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠭᠤᠤᠯ ᠠᠷᠭ᠎ᠠ ᠵᠠᠮ ᠤᠨ ᠦᠢᠯᠡᠳᠦᠯ ᠢᠶᠠᠨ ᠪᠠᠳᠠᠷᠠᠭᠤᠯᠤᠨ᠂ ᠴᠢᠨᠠᠷ ᠰᠠᠶᠢᠲᠠᠶ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠠᠰᠤ ᠴᠢᠨᠠᠷ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠭᠤᠤᠯᠳᠠᠯᠭ᠎ᠠ ᠶᠢ ᠠᠳᠬᠤᠵᠤ᠂ ᠬᠠᠯᠠᠮᠰᠢᠯ ᠠᠰᠠᠭᠤᠳᠠᠯ ᠢ ᠠᠳᠬᠤᠵᠤ᠂ ᠬᠢᠯᠠᠰ ᠴᠡᠭ ᠢ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠳ᠋ᠦᠩᠨᠡᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠢ ᠴᠢᠩᠭ᠎ᠠ ᠮᠡᠳᠡᠭᠦᠯᠦᠨ ᠬᠦᠷᠭᠡᠵᠦ᠂ ᠮᠡᠳᠡᠭᠡ ᠵᠠᠩᠭᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠯᠭᠠᠨ ᠦᠨᠡᠯᠡᠵᠦ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠰᠠᠶᠢᠨ᠂ ᠠᠵᠢᠯ ᠤᠨ ᠬᠠᠯᠠᠭᠤᠨ ᠰᠡᠳᠬᠢᠯᠭᠡ ᠪᠠᠷ ᠥᠨᠳᠥᠷ᠂ ᠬᠤᠷᠴᠠ ᠴᠢᠳᠠᠮᠠᠭᠠᠶ ᠥᠨᠳᠥᠷ ᠪᠦᠲᠦᠮᠵᠢᠲᠡᠶ ᠮᠡᠳᠡᠭᠡ ᠵᠠᠩᠭᠢ ᠶᠢᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠰᠠᠭᠤᠷᠢ ᠪᠠ ᠦᠨᠳᠦᠰᠦᠯᠡᠯ ᠬᠠᠩᠭᠠᠬᠤ ᠬᠡᠷᠡᠭᠲᠡᠶ᠃    ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯᠲᠤ ᠮᠡᠳᠡᠭᠡ ᠵᠠᠩᠭᠢᠴᠢ ᠪᠣᠯᠪᠠᠰᠤᠷᠠᠯ ᠳᠤ ᠣᠷᠣᠯᠴᠠᠪᠠ᠃                ᠨᠠᠶᠢᠷᠠᠭᠤᠯᠤᠭᠴᠢ᠄ ᠸᠠᠩ ᠵᠢᠩ ᠵᠢᠩ᠂  ᠴᠢᠶᠣᠤ ᠮᠢᠨ ᠮᠢᠨ                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2