| | | | | | | | 11 ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ 2024 ᠣᠨ ᠤ ᠮᠡᠳᠡᠭᠡ ᠵᠠᠩᠭᠢ ᠶᠢᠨ ᠠᠵᠢᠯ ᠤᠨ | ᠪᠣᠯᠪᠠᠰᠤᠷᠠᠯ ᠤᠨ ᠬᠤᠷᠠᠯ ᠡᠷᠭᠢᠯᠡᠪᠡ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠠᠩ ᡁᠢ | ᠷᠦᠩ ᠪᠣᠯᠪᠠᠰᠤᠷᠠᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠠᠯᠪᠠᠨ | ᠭᠡᠷ ᠤᠨ ᠮᠡᠳᠡᠭᠡ ᠵᠠᠩᠭᠢ ᠶᠢᠨ ᠰᠠᠯᠠᠭᠠᠨ ᠤ ᠸᠠᠩ ᡁᠢ ᠢᠦᠢ ᠪᠣᠯᠤᠨ ᠮᠦ ᠴᠢ ᠬᠤᠶᠠᠷ ᠨᠥᠬᠦᠳ ᠢ ᠤᠷᠢᠵᠤ᠂ ᠲᠤᠰ | ᠲᠤᠰ ︽ᠨᠠᠮ ᠵᠠᠰᠠᠭ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠤᠨ ᠪᠢᠴᠢᠬᠦ ᠪᠠ ᠮᠡᠳᠡᠭᠦᠯᠦᠨ ᠬᠦᠷᠭᠡᠬᠦ︾ | ᠂ ︽ᠤᠯᠤᠰ ᠲᠦᠷᠦ ᠶᠢᠨ ᠲᠠᠯ᠎ᠠ ᠠᠴᠠ ᠦᠵᠡᠵᠦ ᠤᠯᠤᠰ ᠲᠦᠷᠦ ᠶᠢᠨ ᠲᠠᠯ᠎ᠠ ᠠᠴᠠ ᠪᠠᠴᠢᠮ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠠᠵᠢᠯ ᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ︾ ᠭᠡᠬᠦ ᠰᠡᠳᠦᠪ ᠢᠶᠠᠷ ᠲᠤᠰᠬᠠᠢ ᠰᠡᠳᠦᠪᠲᠦ | ᠲᠠᠶᠢᠯᠤᠮᠵᠢ ᠬᠢᠵᠡᠢ᠃ | ᠬᠤᠷᠠᠯ ᠳᠡᠭᠡᠷ᠎ᠡ᠂ ᠬᠤᠶᠠᠷ ᠨᠥᠬᠦᠷ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ | ᠮᠡᠳᠡᠭᠡ ᠵᠠᠩᠭᠢ ᠶᠢᠨ ᠠᠵᠢᠯ ᠤᠨ ᠭᠤᠤᠯᠳᠠᠯᠭ᠎ᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠᠷᠢᠮᠵᠢᠶ᠎ᠠ᠂ ᠮᠡᠳᠡᠭᠡ | ᠵᠠᠩᠭᠢ ᠶᠢᠨ ᠪᠣᠷᠣ ᠮᠠᠲ᠋ᠧᠷᠢᠶᠠᠯ ᠤᠨ ᠰᠡᠳᠦᠪ ᠰᠣᠩᠭᠤᠬᠤ ᠵᠢᠴᠢ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢᠨ | ᠲᠣᠮᠢᠶᠠᠯᠠᠯ ᠪᠠ ᠰᠢᠨᠵᠢ ᠴᠢᠨᠠᠷ᠂ ᠲᠠᠰ ᠬᠤᠪᠢᠶᠠᠬᠤ ᠪᠠ ᠲᠥᠷᠥᠯ ᠬᠤᠪᠢᠶᠠᠬᠤ ᠵᠡᠷᠭᠡ ᠠᠭᠤᠯᠭ᠎ᠠ ᠶᠢᠨ ᠲᠤᠬᠠᠶ ᠨᠠᠷᠢᠨ | ᠲᠠᠶᠢᠯᠤᠮᠵᠢ ᠬᠢᠪᠠ᠃ | ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠮᠡᠳᠡᠭᠡ ᠵᠠᠩᠭᠢ ᠶᠢᠨ | ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠰᠠᠶᠢᠲᠤᠷ ᠬᠢᠵᠦ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠭᠤᠤᠯ ᠠᠷᠭ᠎ᠠ ᠵᠠᠮ ᠤᠨ ᠦᠢᠯᠡᠳᠦᠯ ᠢᠶᠠᠨ ᠪᠠᠳᠠᠷᠠᠭᠤᠯᠤᠨ᠂ ᠴᠢᠨᠠᠷ ᠰᠠᠶᠢᠲᠠᠶ ᠮᠡᠳᠡᠭᠡ | ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠠᠰᠤ | ᠴᠢᠨᠠᠷ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠭᠤᠤᠯᠳᠠᠯᠭ᠎ᠠ ᠶᠢ ᠠᠳᠬᠤᠵᠤ᠂ ᠬᠠᠯᠠᠮᠰᠢᠯ | ᠠᠰᠠᠭᠤᠳᠠᠯ ᠢ ᠠᠳᠬᠤᠵᠤ᠂ ᠬᠢᠯᠠᠰ ᠴᠡᠭ ᠢ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠵᠦ᠂ ᠳ᠋ᠦᠩᠨᠡᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠢ ᠴᠢᠩᠭ᠎ᠠ ᠮᠡᠳᠡᠭᠦᠯᠦᠨ | ᠬᠦᠷᠭᠡᠵᠦ᠂ ᠮᠡᠳᠡᠭᠡ ᠵᠠᠩᠭᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠯᠭᠠᠨ ᠦᠨᠡᠯᠡᠵᠦ ᠤᠷᠮᠠᠰᠢᠭᠤᠯᠬᠤ ᠳᠦᠷᠢᠮ ᠢ | ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠰᠠᠶᠢᠨ᠂ ᠠᠵᠢᠯ ᠤᠨ ᠬᠠᠯᠠᠭᠤᠨ ᠰᠡᠳᠬᠢᠯᠭᠡ ᠪᠠᠷ ᠥᠨᠳᠥᠷ | ᠂ ᠬᠤᠷᠴᠠ ᠴᠢᠳᠠᠮᠠᠭᠠᠶ ᠥᠨᠳᠥᠷ ᠪᠦᠲᠦᠮᠵᠢᠲᠡᠶ ᠮᠡᠳᠡᠭᠡ ᠵᠠᠩᠭᠢ ᠶᠢᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ | ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠰᠠᠭᠤᠷᠢ | ᠪᠠ ᠦᠨᠳᠦᠰᠦᠯᠡᠯ ᠬᠠᠩᠭᠠᠬᠤ ᠬᠡᠷᠡᠭᠲᠡᠶ᠃ | ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠬᠤᠪᠢᠳᠠᠨ ᠬᠠᠮᠢᠶᠠᠷᠬᠤ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯᠲᠤ ᠮᠡᠳᠡᠭᠡ | ᠵᠠᠩᠭᠢᠴᠢ ᠪᠣᠯᠪᠠᠰᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠤ ᠮᠢᠨ ᠮᠢᠨ | ᠤᠷᠴᠢᠭᠤᠯᠤᠭᠴᠢ᠄ ᠲᠤᠶᠠᠭ᠎ᠠ |