| 11 ᠰᠠᠷ᠎ᠠ ᠶᠢᠨ 20 ᠤ ᠡᠳᠦᠷ᠂ ᠵᠢᠨᠢᠩ ᠲᠣᠭᠤᠷᠢᠭ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠠᠵᠢᠯ ᠤᠨ ᠬᠤᠷᠠᠯ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A6 | ᠳ᠋ᠤᠭᠠᠷ ᠠᠰᠠᠷ ᠲᠤ ᠬᠤᠷᠠᠯᠳᠤᠪᠠ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶᠠᠨ ᠤ ᠳᠠᠷᠤᠭ᠎ᠠ ᠸᠠᠩ ᠯᠢ ᠰᠢᠨ᠂ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ ᠾᠧ ᠷᠦᠨ ᠭᠧᠨ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠠᠮᠤᠷ ᠲᠦᠪᠰᠢᠨ ᠤ | ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠰᠢᠰᠲ᠋ᠧᠮᠵᠢ ᠶᠢ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠳᠤ ᠠᠰᠠᠭᠤᠳᠠᠯ ᠦᠯᠡᠳᠡᠭᠡᠬᠦ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠠᠮᠤᠷ ᠲᠦᠪᠰᠢᠨ ᠤ ᠬᠥᠮᠦᠵᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ | ᠴᠢᠩᠭᠠᠳᠬᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠪᠠᠭᠰᠢ ᠰᠤᠷᠤᠭᠴᠢᠳ ᠤᠨ | ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ᠂ ᠬᠢᠨᠠᠨ | ᠡᠵᠡᠮᠳᠡᠬᠦ᠂ ᠲᠦᠭᠰᠢᠭᠦᠷᠢ ᠮᠡᠳᠡᠭᠦᠯᠬᠦ ᠵᠡᠷᠭᠡ ᠠᠮᠤᠷ ᠲᠦᠪᠰᠢᠨ ᠤ ᠲᠥᠬᠦᠭᠡᠷᠦᠮᠵᠢ ᠪᠠ ᠪᠠᠭᠠᠵᠢ ᠬᠡᠷᠡᠭᠰᠡᠯ ᠢ | ᠳᠣᠭᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠤ ᠮᠢᠨ ᠮᠢᠨ | ᠤᠷᠴᠢᠭᠤᠯᠤᠭᠴᠢ᠄ ᠲᠤᠶᠠᠭ᠎ᠠ | |