ᠵᠠᠩ ᠶᠦᠩ ᠸᠧᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/21
    11 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠵᠠᠩ ᠶᠦᠩ ᠸᠧᠨ ᠤᠷᠢᠳ ᠬᠤᠵᠢᠳ ᠰᠢᠨ ᠲᠢ ᠯᠦ ᠪᠠᠭ᠎ᠠ ᠰᠤᠷᠭᠠᠭᠤᠯᠢ᠂ ᠴᠢᠶᠤᠤ ᠳ᠋ᠦᠩ ᠲᠣᠮᠢᠯᠠᠭᠰᠠᠨ ᠰᠠᠯᠪᠤᠷᠢ ᠪᠣᠯᠤᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠨᠡᠶᠢᠭᠡᠮ ᠤᠨ ᠠᠮᠤᠷ ᠲᠦᠪᠰᠢᠨ ᠤ ᠰᠠᠭᠤᠷᠢ ᠰᠡᠷᠭᠡᠶᠢᠯᠡᠯᠲᠡ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃    ᠵᠠᠩ ᠶᠦᠩ ᠸᠧᠨ ᠬᠡᠯᠡᠭᠰᠡᠨ ᠨᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠨ ᠬᠥᠮᠦᠵᠢᠯ ᠤᠨ ᠠᠵᠢᠯ ᠤᠨ ᠬᠤᠷᠢᠭ᠎ᠠ ᠱᠤᠭᠤᠮ ᠮᠥᠨ᠂ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ  ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠲᠣᠭᠲᠠᠴᠠ ᠶᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠤᠷᠭᠠᠭᠤᠯᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠶ ᠰᠤᠷᠭᠠᠭᠤᠯᠢ ᠶᠢᠨ ᠬᠦᠷᠢᠶ᠎ᠡ ᠶᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠲᠠᠯ᠎ᠠ ᠪᠠᠷ ᠢᠯᠡᠭᠦᠬᠡᠨ ᠠᠷᠭ᠎ᠠ ᠪᠤᠳᠤᠵᠤ᠂ ᠢᠯᠡᠭᠦᠬᠡᠨ ᠪᠣᠳᠠᠲᠠᠶ ᠠᠷᠭ᠎ᠠ ᠭᠠᠷᠭᠠᠵᠤ᠂ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠥᠨ ᠴᠢᠨᠠᠷᠲᠠᠶ ᠪᠠᠷ ᠠᠷᠢᠯᠭᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠵᠠᠮ ᠬᠠᠷᠢᠯᠴᠠᠭ᠎ᠠ᠂ ᠲᠤᠮᠤ ᠬᠡᠯᠪᠡᠷᠢ ᠶᠢᠨ ᠠᠵᠢᠯᠯᠠᠭ᠎ᠠ ᠵᠡᠷᠭᠡ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠡᠭᠦᠳᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠨᠠᠭᠰᠢᠳᠠ ᠴᠢᠩᠭᠠᠳᠬᠠᠵᠤ ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠵᠡᠭᠦᠨ ᠪᠠᠷᠠᠭᠤᠨ ᠲᠠᠯ᠎ᠠ ᠪᠠᠷ ᠢᠶᠠᠨ ᠬᠤᠯᠪᠣᠯᠳᠤᠭᠰᠠᠨ ᠠᠵᠢᠯ ᠤᠨ ᠰᠢᠰᠲ᠋ᠧᠮ ᠢ ᠪᠦᠷᠢᠯᠳᠦᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠵᠠᠩ ᡁᠢ ᠷᠦᠩ ᠣᠷᠣᠯᠴᠠᠵᠠᠢ᠃     ᠨᠠᠶᠢᠷᠠᠭᠤᠯᠤᠭᠴᠢ᠄  ᠸᠠᠩ ᠵᠢᠩ ᠵᠢᠩ᠂  ᠴᠢᠶᠣᠤ ᠮᠢᠨ ᠮᠢᠨ     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2