| | ᠨᠢᠭᠡ᠂ ᠠᠬᠤᠶ ᠪᠠᠶᠢᠳᠠᠯ ᠵᠢᠴᠢ ᠦᠨᠳᠦᠰᠦᠯᠡᠯ | ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠤᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠠᠮᠢᠶ᠎ᠠ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠮᠠᠨ ᠤ ᠬᠤᠳᠠ ᠶᠢᠨ 2024 ᠣᠨ ᠤ ᠨᠠᠮᠤᠷ ᠡᠪᠦᠯ ᠤᠨ | ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠨᠡᠨᠬᠦ | ᠰᠠᠶᠢᠲᠤᠷ ᠬᠢᠵᠦ᠂ ᠭᠠᠯ ᠲᠦᠢᠮᠡᠷ ᠡᠭᠦᠰᠬᠦ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠦᠬᠦ ᠬᠤᠳᠠ ᠶᠢᠨ ᠤᠢ | ᠰᠢᠭᠤᠢ ᠶᠢᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠣᠨᠴᠠᠭᠠᠶᠢᠯᠠᠨ ᠲᠤᠰ ᠮᠡᠳᠡᠭᠳᠡᠯ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ᠮᠡᠲᠡᠭᠲᠡᠯ ᠳᠤ ᠲᠦᠷᠪᠡᠨ ᠲᠠᠯ᠎ᠠ ᠶᠢᠨ ᠪᠤᠲᠠᠲᠠᠢ ᠱᠠᠭᠠᠷᠲᠠᠯᠭ᠎ᠠ ᠪᠠᠶᠢᠨ᠎ᠠ᠄ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠬᠢᠨ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠭᠠᠯ ᠤᠨᠲᠠᠷᠠᠭᠠᠬᠤ ᠵᠠᠷᠯᠢᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ | ᠲᠦᠷᠢᠮ ᠢ ᠬᠡᠷᠡᠭᠵᠢᠭᠦᠯᠵᠦ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠲᠠᠢ ᠤᠶᠠᠯᠳᠤᠭᠤᠯᠤᠨ᠂ ᠡᠯ᠎ᠡ | ᠰᠠᠯᠠᠭ᠎ᠠ ᠮᠥᠴᠢᠷ᠂ ᠡᠯ᠎ᠡ ᠲᠠᠰ ᠳᠠᠪᠬᠤᠷᠭ᠎ᠠ᠂ ᠡᠯ᠎ᠡ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠪᠠ ᠭᠤᠤᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠡᠴᠦᠰ ᠤᠨ ᠨᠢᠭᠡ ᠺᠢᠯᠣᠮᠧᠳ᠋ᠷ︾ | ᠤᠨ ᠬᠠᠷᠢᠭᠤᠴᠠᠯᠭ᠎ᠠ ᠶᠢᠨ ᠣᠷᠣᠨ ᠪᠠ ᠬᠠᠷᠢᠭᠤᠴᠠᠯᠭᠠᠲᠠᠨ ᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠦᠴᠦᠲᠡᠢ ᠠᠷᠭ᠎ᠠ ᠬᠡᠮᠵᠢᠶ᠎ᠡ ᠠᠪᠴᠤ᠂ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠤᠨ | ᠡᠵᠡᠮᠳᠡᠨ᠎ᠡ᠃ ᠡᠯ᠎ᠡ ᠭᠠᠵᠠᠷ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠯ ᠤᠨ ᠠᠶᠤᠯ ᠤᠨ ᠪᠠᠶᠢᠳᠠᠯ ᠢ ᠨᠢᠭᠲᠠ | ᠠᠩᠬᠠᠷᠴᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠭᠠᠯ ᠴᠠᠭᠠᠵᠠᠯᠠᠬᠤ ᠵᠠᠷᠯᠢᠭ ᠢ | ᠴᠠᠭ ᠲᠤᠬᠠᠶ ᠳᠤᠨᠢ ᠨᠡᠶᠢᠲᠡᠯᠡᠵᠦ᠂ ᠰᠢᠭᠤᠶᠢᠲᠤ ᠣᠷᠣᠨ ᠤ ᠳᠣᠲᠣᠷᠠᠬᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠣᠷᠣᠨ ᠤ ᠡᠷᠬᠢᠨ ᠲᠣᠭᠤᠷᠢᠨ ᠳᠤ ᠲᠠᠷᠢᠶᠠᠯᠠᠩ ᠤᠨ ᠶᠠᠪᠤᠳᠠᠯ | ᠢᠶᠠᠷ ᠭᠠᠯ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ᠃ ᠴᠢᠬᠤᠯᠠ ᠣᠷᠣᠨ ᠪᠦᠰᠡ ᠳᠤ ᠪᠠᠶᠢᠴᠠᠭᠠᠬᠤ | ᠥᠷᠲᠡᠭᠡ ᠪᠠᠶᠢᠭᠤᠯᠵᠤ᠂ ᠣᠶ ᠰᠢᠭᠤᠶ ᠳᠤ ᠣᠷᠣᠬᠤ ᠬᠥᠮᠦᠰ ᠵᠢᠴᠢ ᠣᠨᠴᠠᠭᠠᠶ ᠭᠤᠤᠯᠳᠠᠯᠭ᠎ᠠ ᠲᠠᠢ ᠬᠥᠮᠦᠰ ᠲᠤ | ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ | ᠰᠠᠭᠤᠷᠢ ᠶᠢ ᠪᠠᠬᠢᠵᠢᠭᠦᠯᠦᠨ᠎ᠡ᠃ ᠡᠯ᠎ᠡ ᠭᠠᠵᠠᠷ ᠤᠨ ᠬᠢᠨ ᠭᠠᠯ ᠰᠡᠷᠭᠡᠶᠢᠯᠡᠨ ᠭᠠᠯ ᠤᠨᠲᠠᠷᠠᠭᠠᠬᠤ ᠲᠤᠰᠬᠠᠶ ᠬᠦᠴᠦᠨ ᠤ | ᠪᠠᠶᠢᠭᠤᠯᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ | ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠬᠦ ᠬᠡᠷᠡᠭᠳᠡᠢ᠃ | ᠣᠶ ᠰᠢᠭᠤᠶ ᠶᠢᠨ ᠭᠠᠯ ᠤᠨᠲᠠᠷᠠᠭᠠᠬᠤ ᠡᠩᠨᠡᠭᠡ ᠨᠢ ᠬᠦᠴᠦᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠭᠦᠨᠵᠡᠭᠡᠶᠢᠷᠡᠭᠦᠯᠦᠨ᠂ ᠵᠢᠵᠢᠭᠦᠷᠯᠡᠬᠦ ᠪᠠᠨ ᠴᠢᠩᠭᠠᠳᠬᠠᠵᠤ᠂ | ᠭᠡᠨᠡᠳᠲᠡ ᠶᠢᠨ ᠭᠠᠯ ᠲᠦᠢᠮᠡᠷ ᠤᠨ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ︵ᠲᠦᠷᠪᠡ︶ ᠬᠠᠤᠯᠢ ᠪᠠᠷ ᠭᠠᠯ ᠲᠦᠢᠮᠡᠷ ᠵᠠᠰᠠᠬᠤ ᠶᠢ ᠪᠠᠷᠢᠮᠳᠠᠯᠠᠵᠤ᠂ ᠲᠦᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠨ᠎ᠡ᠃ ᠭᠠᠯ ᠲᠦᠢᠮᠡᠷ ᠢ ᠬᠠᠤᠯᠢ ᠶᠣᠰᠣᠭᠠᠷ ᠵᠠᠰᠠᠬᠤ ᠪᠠ ᠬᠠᠮᠢᠶᠠᠷᠬᠤ ᠶᠢ ᠪᠠᠷᠢᠮᠲᠠᠯᠠᠵᠤ᠂ ᠭᠠᠯ ᠤᠨ | ᠠᠶᠤᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭᠠᠳᠬᠠᠵᠤ᠂ ᠬᠡᠭᠡᠷ᠎ᠡ ᠭᠠᠳᠠᠨ᠎ᠠ ᠲᠣᠭᠲᠠᠭᠠᠯ ᠠᠴᠠ | ᠵᠥᠷᠢᠴᠡᠨ ᠭᠠᠯ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠤᠯᠠᠭᠠᠨᠴᠠᠪ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 10 ᠰᠠᠷ᠎ᠠ ᠶᠢᠨ 22 ᠤᠨ ᠡᠳᠦᠷ | |