ᠵᠢᠨᠢᠩ ᠲᠤᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 20 ᠤ ᠡᠳᠦᠷ᠂ ᠮᠠᠨ ᠤ ᠲᠤᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠵᠢᠯᠣᠭᠤᠳᠬᠤ ᠦᠢᠯᠡᠴᠢᠯᠡᠭᠡᠨ ᠤ ᠲᠥᠪ  ᠤᠨ  ᠰᠢᠪᠠᠳᠠᠨ ᠪᠠᠶᠢᠴᠠᠭᠠᠵᠤ ᠠᠬᠢᠭᠤᠯᠬᠤ ᠲᠠᠰᠤᠭ ᠤᠨ ᠫᠧᠢ ᠫᠧᠢ  ᠪᠤᠯᠤᠨ  ᠹᠸᠡᠭ  ᠢ ᠬᠤᠶᠠᠷ ᠨᠥᠬᠦᠷ ᠢ ᠤᠷᠢᠵᠤ ᠂ ︽ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠦᠭᠡᠢ ᠪᠠᠶᠢᠬᠤ︾ ᠵᠡᠷᠭᠡ ᠲᠠᠯ᠎ᠠ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠪᠡ᠃      ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ︽ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ︾ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ︽ᠤᠴᠢᠷ ᠶᠠᠪᠤᠳᠠᠯ ᠢ ᠰᠢᠢᠳᠪᠦᠷᠢᠯᠡᠬᠦ︾ ᠪᠠᠷ ᠬᠠᠷᠠᠯᠲᠠ ᠪᠣᠯᠭᠠᠵᠤ᠂ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠤᠨ ᠬᠠᠷᠢᠭᠤ ᠥᠭᠬᠦ ᠨᠣᠷᠮ᠎ᠠ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠴᠢᠩᠭ᠎ᠠ ᠠᠩᠬᠠᠷᠬᠤ ᠬᠡᠷᠡᠭᠲᠡᠶ᠃ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠬᠠᠷᠢᠯᠴᠠᠨ ᠲᠦᠯᠬᠢᠯᠴᠡᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠥᠨᠳᠥᠷ ᠪᠦᠲᠦᠮᠵᠢᠲᠡᠶ ᠪᠠᠷ ᠭᠦᠢᠴᠡᠳᠬᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠬᠠᠯᠠᠮᠰᠢᠯ ᠤᠲᠠᠰᠤ ᠶᠢᠨ ᠠᠵᠢᠯ ᠢ ᠰᠡᠳᠬᠢᠯ ᠳᠡᠭᠡᠨ ᠪᠤᠳᠤᠵᠤ᠂ ᠮᠥᠷᠥᠨ   ᠳᠡᠭᠡᠨ ᠡᠭᠦᠷᠭᠡᠯᠡᠵᠦ᠂ ᠨᠡᠩ ᠲᠦᠷᠭᠡᠨ ᠴᠤᠤᠷᠢᠶᠠᠲᠤᠨ ᠳᠠᠭᠠᠬᠤ᠂ ᠨᠡᠩ ᠥᠨᠳᠥᠷ ᠪᠦᠲᠦᠮᠵᠢᠲᠡᠢ ᠰᠢᠢᠳᠪᠦᠷᠢᠯᠡᠬᠦ᠂ ᠨᠡᠩ ᠴᠠᠭ ᠲᠤᠬᠠᠢ ᠳᠤᠨᠢ ᠬᠠᠷᠢᠭᠤ ᠲᠤᠰᠬᠠᠬᠤ᠂ ᠨᠡᠩ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠪᠠᠷ ᠤᠯᠠᠨ ᠲᠦᠮᠡᠨ ᠳᠤ ︽  ᠪᠠᠭ᠎ᠠ ᠶᠠᠪᠤᠳᠠᠯ︾ ᠢ ᠰᠠᠶᠢᠲᠤᠷ ᠬᠢᠵᠦ ᠥᠭᠬᠦ ᠬᠡᠷᠡᠭᠲᠡᠢ᠃     ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠤᠨ ᠳᠠᠭᠠᠭᠠᠨ ᠠᠪᠴᠤ ᠭᠦᠢᠴᠡᠳᠬᠡᠬᠦ ᠬᠥᠮᠦᠰ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2