ᠵᠢᠨᠢᠩ ᠲᠣᠭᠤᠷᠢᠭ  ᠤᠨ ᠢᠯᠴᠢ ᠬᠠᠩᠭᠠᠬᠤ ᠦᠢᠯᠡᠴᠢᠯᠡᠭᠡᠨ ᠤ ᠤᠲᠠᠰᠤ ᠶᠢᠨ ᠠᠵᠢᠯᠯᠠᠭᠠᠨ ᠢ ᠰᠡᠷᠭᠦᠭᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/11/27
ᠡᠷᠬᠢᠮ ᠬᠦᠨᠳᠦᠲᠦ ᠬᠡᠷᠡᠭᠯᠡᠭᠴᠢᠳ ᠡ :     ᠣᠯᠠᠨ ᠲᠦᠮᠡᠨ ᠤ ᠢᠯᠴᠢ ᠬᠠᠩᠭᠠᠬᠤ ᠬᠦᠰᠡᠯ ᠱᠠᠭᠠᠷᠳᠠᠯᠭ᠎ᠠ ᠶᠢ ᠨᠠᠩ ᠥᠨᠳᠥᠷ ᠪᠦᠲᠦᠮᠵᠢᠲᠡᠶ᠂ ᠣᠨᠣᠪᠴᠢᠲᠠᠶ ᠪᠠᠷ ᠭᠥᠯᠢᠶᠡᠨ ᠠᠪᠴᠤ ᠰᠢᠢᠳᠪᠦᠷᠢᠯᠡᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢ ᠤᠷᠤᠭᠰᠢᠲᠠᠶ ᠰᠠᠶᠢᠲᠤᠷ ᠬᠢᠬᠦ ᠶᠢᠨ ᠲᠥᠯᠥᠭᠡ᠂ ᠵᠢᠨᠢᠩ ᠲᠣᠭᠤᠷᠢᠭ ᠤᠨ 8212345 ᠢᠯᠴᠢ ᠬᠠᠩᠭᠠᠬᠤ ᠦᠢᠯᠡᠴᠢᠯᠡᠭᠡᠨ ᠤ ᠤᠲᠠᠰᠤ ᠶᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠡᠮᠵᠢᠨ᠂ ᠣᠲᠣ ᠨᠢᠭᠡᠨᠲᠡ ᠬᠡᠪ ᠤᠨ ᠠᠵᠢᠯᠯᠠᠭ᠎ᠠ ᠪᠠᠨ ᠰᠡᠷᠭᠦᠭᠡᠪᠡ᠃ ᠡᠳᠦᠭᠡ ᠬᠤᠯᠪᠣᠭᠳᠠᠯ ᠪᠦᠬᠦᠢ ᠤᠴᠢᠷ  ᠢ ᠳᠣᠣᠷᠠᠬᠢ ᠮᠡᠲᠦ ᠵᠠᠷᠯᠠᠶ᠎ᠠ ᠄    ᠨᠢᠭᠡ᠂ ᠦᠢᠯᠡᠴᠢᠯᠡᠭᠡ ᠪᠠᠨ ᠰᠡᠷᠭᠦᠭᠡᠬᠦ ᠴᠠᠭ ᠄ 2024 ᠣᠨ ᠤ 11  ᠳ᠋ᠦ᠋ᠭᠡᠷ ᠰᠠᠷ᠎ᠠ ᠶᠢᠨ 24 ᠤ ᠡᠳᠦᠷ ᠠᠴᠠ ᠡᠬᠢᠯᠡᠨ᠂ ᠢᠯᠴᠢ ᠬᠠᠩᠭᠠᠬᠤ ᠦᠢᠯᠡᠴᠢᠯᠡᠭᠡᠨ ᠤ ᠤᠲᠠᠰᠤ 8212345 ︽ᠨᠢᠭᠡ ᠮᠠᠰᠢᠨ ᠣᠯᠠᠨ ᠤᠲᠠᠰᠤ︾ ᠶᠢᠨ 24 ᠴᠠᠭ ᠤᠨ ᠪᠦᠬᠦᠯᠢ ᠡᠳᠦᠷ ᠤᠨ ᠦᠢᠯᠡᠴᠢᠯᠡᠭᠡ ᠶᠢ ᠰᠡᠷᠭᠦᠭᠡᠨ᠎ᠡ᠃    ᠬᠤᠶᠠᠷ᠂ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ  ᠤᠲᠠᠰᠤ ᠶᠢ ᠳᠡᠰ ᠳᠡᠪᠰᠢᠭᠦᠯᠦᠭᠰᠡᠨ ᠤ ᠳᠠᠷᠠᠭ᠎ᠠ ᠴᠢᠳᠠᠮᠵᠢ ᠪᠠᠷ ᠨᠢ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠳᠡᠰ ᠳᠡᠪᠰᠢᠭᠦᠯᠦᠭᠰᠡᠨ ᠤ ᠳᠠᠷᠠᠭ᠎ᠠ ᠣᠶᠤᠨᠴᠢ ᠢᠯᠴᠢ ᠬᠠᠩᠭᠠᠬᠤ ᠲᠠᠪᠴᠠᠩ ᠳᠤ ᠵᠠᠯᠭᠠᠵᠤ ᠣᠷᠣᠭᠤᠯᠤᠨ᠂ ᠬᠦᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠬᠡᠯᠭᠡᠬᠦ᠂ ᠮᠡᠳᠡᠭᠦᠯᠦᠨ ᠵᠠᠰᠠᠭᠤᠯᠬᠤ᠂ ᠬᠠᠷᠢᠭᠤ ᠲᠤᠰᠬᠠᠬᠤ ᠵᠡᠷᠭᠡ ︽ᠨᠢᠭᠡ ᠥᠷᠲᠡᠭᠡ ᠮᠠᠶ᠋ᠢᠭ ︾ ᠤᠨ ᠥᠨᠳᠥᠷ ᠣᠶᠢᠷ᠎ᠠ ᠪᠦᠲᠦᠮᠵᠢᠲᠡᠶ ᠦᠢᠯᠡᠴᠢᠯᠡᠭᠡᠨ ᠢ ᠪᠡᠶᠡᠯᠡᠭᠦᠯᠵᠦ᠂ ᠬᠠᠯᠠᠮᠰᠢᠯ  ᠤᠲᠠᠰᠤ ᠶᠢᠨ ᠣᠶᠢᠷ᠎ᠠ ᠪᠦᠲᠦᠮᠵᠢ ᠶᠢ ᠲᠦᠢᠯ ᠤᠨ ᠶᠡᠬᠡᠪᠡᠷ ᠳᠡᠭᠡᠭᠰᠢᠯᠡᠭᠦᠯᠦᠨ᠂ ᠬᠥᠮᠦᠨ ᠤ ᠬᠦᠴᠦ ᠪᠠᠷ ᠭᠤᠭᠤᠵᠢᠭᠳᠠᠬᠤ ᠶᠢ ᠪᠠᠭᠠᠰᠬᠠᠵᠤ᠂ ᠦᠢᠯᠡᠴᠢᠯᠡᠭᠡᠨ ᠤ ᠬᠠᠯᠠᠮᠰᠢᠯ  ᠤᠲᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠶ᠃    ᠭᠤᠷᠪᠠ᠂ ᠦᠢᠯᠡᠴᠢᠯᠡᠬᠦ ᠠᠭᠤᠯᠭ᠎ᠠ 1. ᠢᠯᠴᠢ ᠬᠠᠩᠭᠠᠬᠤ ᠯᠠᠪᠯᠠᠯᠭ᠎ᠠ : ᠬᠤᠲᠠ ᠶᠢᠨ ᠠᠷᠠᠳ ᠤᠨ ᠢᠯᠴᠢ ᠬᠠᠩᠭᠠᠬᠤ ᠴᠠᠭ᠂ ᠳᠤᠯᠠᠭᠠᠨ ᠤ ᠬᠡᠮᠵᠢᠶ᠎ᠡ ᠶᠢᠨ ᠪᠠᠷᠢᠮᠵᠢᠶ᠎ᠠ᠂ ᠰᠦᠶᠳᠬᠡᠯ ᠲᠤᠰᠢᠶᠠᠬᠤ ᠠᠷᠭ᠎ᠠ ᠮᠠᠶ᠋ᠢᠭ ᠵᠡᠷᠭᠡ ᠲᠠᠯ᠎ᠠ ᠶᠢᠨ ᠠᠰᠠᠭᠤᠳᠠᠯ ᠳᠤ ᠬᠠᠷᠢᠭᠤᠯᠲᠠ ᠥᠭᠭᠦᠨ᠎ᠡ᠃ 2. ᠭᠡᠮᠲᠦᠯ ᠢ ᠮᠡᠳᠡᠭᠦᠯᠵᠦ ᠵᠠᠰᠠᠭᠤᠯᠬᠤ : ᠬᠤᠲᠠ ᠶᠢᠨ ᠠᠷᠠᠳ ᠤᠨ ᠭᠡᠷ ᠤᠨ ᠢᠯᠴᠢ ᠬᠠᠩᠭᠠᠬᠤ ᠰᠢᠰᠲ᠋ᠧᠮ ᠤᠨ ᠭᠡᠮᠲᠦᠯ ᠤᠨ ᠮᠡᠳᠡᠭᠡ ᠵᠠᠩᠭᠢ ᠶᠢ ᠬᠦᠯᠢᠶᠡᠨ ᠠᠪᠬᠤ ᠶᠢᠨ ᠬᠠᠮᠲᠤ ᠰᠡᠯᠪᠢᠨ ᠵᠠᠰᠠᠬᠤ ᠠᠵᠢᠯᠲᠠᠨ ᠢ ᠲᠦᠷᠭᠡᠨ ᠲᠣᠮᠢᠯᠠᠨ ᠵᠠᠯᠭᠠᠨ ᠰᠢᠢᠳᠪᠦᠷᠢᠯᠡᠨ᠎ᠡ᠃ 3. ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ : ᠬᠤᠲᠠ ᠶᠢᠨ ᠠᠷᠠᠳ ᠤᠨ ᠢᠯᠴᠢ ᠬᠠᠩᠭᠠᠬᠤ ᠦᠢᠯᠡᠴᠢᠯᠡᠭᠡ ᠶᠢᠨ ᠲᠤᠬᠠᠶ ᠵᠠᠭᠠᠯᠳᠤᠯᠭ᠎ᠠ ᠶᠢ ᠭᠥᠯᠢᠶᠡᠨ ᠠᠪᠴᠤ᠂ ᠪᠠᠶᠢᠴᠠᠭᠠᠨ ᠰᠢᠢᠳᠪᠦᠷᠢᠯᠡᠨ᠎ᠡ᠃ᠳᠥᠷᠪᠡ᠂ ᠬᠡᠷᠡᠭᠯᠡᠬᠦ ᠳᠤ ᠠᠩᠬᠠᠷᠬᠤ ᠵᠦᠢᠯ 1. ᠢᠯᠴᠢ ᠬᠠᠩᠭᠠᠬᠤ ᠦᠢᠯᠡᠴᠢᠯᠡᠭᠡᠨ ᠤ ᠤᠲᠠᠰᠤ ᠶᠢ ᠤᠲᠠᠰᠤᠳᠠᠬᠤ ᠳᠤ᠂ ᠴᠢᠳᠠᠬᠤ ᠶᠢᠨ ᠳᠣᠲᠣᠷ᠎ᠠ ᠬᠡᠷ ᠪᠦᠯᠢ ᠶᠢᠨ ᠬᠠᠶ᠋ᠢᠭ᠂ ᠬᠠᠷᠢᠯᠴᠠᠬᠤ ᠠᠷᠭ᠎ᠠ᠂ ᠢᠯᠴᠢ ᠶᠢᠨ ᠠᠰᠠᠭᠤᠳᠠᠯ ᠵᠡᠷᠭᠡ ᠮᠡᠳᠡᠭᠡ ᠵᠠᠩᠭᠢ ᠶᠢ ᠬᠠᠩᠭᠠᠬᠤ ᠶᠢᠨ ᠬᠠᠮᠲᠤ ᠬᠡᠷ ᠲᠤᠨᠢ ᠬᠦᠷᠴᠦ ᠰᠡᠯᠪᠢᠨ ᠵᠠᠰᠠᠬᠤ ᠴᠠᠭ ᠢᠶᠠᠨ ᠪᠣᠯᠵᠣᠨ ᠲᠣᠭᠲᠠᠵᠤ᠂ ᠠᠵᠢᠯᠲᠠᠨ ᠤ ᠥᠨᠳᠥᠷ ᠪᠦᠲᠦᠮᠵᠢᠲᠡᠶ ᠪᠠᠷ ᠠᠵᠢᠯ ᠤᠨ ᠬᠠᠭᠤᠳᠠᠰᠤ ᠪᠠᠨ ᠰᠠᠯᠭᠠᠬᠤ ᠶᠢᠨ ᠬᠠᠮᠲᠤ ᠬᠠᠪᠰᠤᠷᠤᠯᠭ᠎ᠠ ᠦᠵᠡᠭᠦᠯᠬᠦ ᠳᠤ ᠲᠥᠬᠦᠮ ᠦᠵᠡᠭᠦᠯᠦᠨ᠎ᠡ᠃ 2. ᠭᠡᠷ ᠲᠤ ᠨᠢ ᠬᠦᠷᠴᠦ ᠵᠠᠰᠠᠬᠤ ᠦᠢᠯᠡᠴᠢᠯᠡᠭᠡ ᠶᠢᠨ ᠴᠠᠭ  ᠢ ᠪᠣᠯᠵᠣᠨ ᠲᠣᠭᠲᠠᠭᠰᠠᠨ ᠤ ᠳᠠᠷᠠᠭ᠎ᠠ᠂ ᠭᠡᠷ ᠲᠤ ᠬᠦᠯᠢᠶᠡᠨ ᠠᠪᠬᠤ ᠬᠥᠮᠦᠨ ᠲᠠᠢ ᠪᠠᠶᠢᠬᠤ ᠶᠢ ᠪᠠᠲᠤᠯᠠᠵᠤ᠂ ᠵᠠᠰᠠᠬᠤ ᠲᠣᠬᠢᠷᠠᠭᠤᠯᠭ᠎ᠠ ᠠᠴᠠ ᠬᠤᠴᠣᠷᠴᠤ᠂ ᠵᠠᠰᠠᠬᠤ ᠴᠠᠭ ᠢ ᠰᠠᠭᠠᠲᠠᠭᠠᠬᠤ ᠠᠴᠠ ᠬᠢᠴᠢᠶᠡᠭᠡᠷᠡᠶ᠃ 3. ᠪᠠᠴᠢᠮ ᠳᠤᠯᠠᠭᠠᠯᠭ᠎ᠠ ᠶᠢᠨ ᠠᠰᠠᠭᠤᠳᠠᠯ ᠳᠤ᠂ ᠤᠷᠢᠳᠠᠪᠠᠷ ᠳᠤᠯᠠᠭᠠᠯᠭ᠎ᠠ ᠶᠢᠨ ᠤᠲᠠᠰᠤ ᠪᠠᠷ ᠳᠠᠮᠵᠢᠨ ᠵᠠᠰᠠᠭᠠᠷᠠᠶ᠂ ᠪᠢᠳᠡ ᠴᠠᠭ ᠲᠤᠬᠠᠶ ᠳᠤ ᠨᠢ ᠳᠠᠭᠠᠵᠤ᠂ ᠲᠦᠷᠭᠡᠨ ᠰᠢᠢᠳᠪᠦᠷᠢᠯᠡᠬᠦ ᠳᠤ ᠳᠥᠭᠦᠮ᠃ᠲᠠᠪᠤ᠂ ᠬᠢᠨᠠᠯᠲᠠ ᠲᠠᠯᠪᠢᠬᠤ ᠪᠠ ᠬᠠᠷᠢᠭᠤ ᠲᠤᠰᠬᠠᠬᠤ ᠨᠢ ᠥᠷᠭᠡᠨ ᠣᠯᠠᠨ ᠬᠤᠲᠠ ᠶᠢᠨ ᠠᠷᠠᠳ ᠤᠨ ᠢᠯᠴᠢ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠭᠰᠠᠨ ᠳᠤ ᠲᠠᠯᠠᠷᠬᠠᠵᠤ ᠪᠠᠶᠢᠬᠤ ᠶᠢᠨ ᠬᠠᠮᠲᠤ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠤᠨ ᠡᠷᠬᠢᠮ ᠰᠠᠨᠠᠯ ᠪᠠ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠠ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ  ᠰᠠᠶᠢᠵᠢᠷᠠᠭᠤᠯᠵᠤ ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠮᠤᠭ ᠤᠨ ᠶᠡᠭᠡ ᠴᠢᠷᠮᠠᠢᠯᠭ᠎ᠠ ᠭᠠᠷᠭᠠᠵᠤ ᠲᠠᠨ  ᠳᠤ ᠦᠢᠯᠡᠴᠢᠯᠡᠨ᠎ᠡ︕ᠣᠨᠴᠠᠭᠠᠶᠢᠯᠠᠨ ᠵᠠᠷᠯᠠᠪᠠ      ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ            ᠦᠢᠯᠡᠰ ᠤᠨ ᠦᠢᠯᠡᠴᠢᠯᠡᠭᠡᠨ ᠤ ᠲᠥᠪ       2024 ᠣᠨ ᠤ 11 ᠰᠠᠷ᠎ᠠ ᠶᠢᠨ 24 ᠤ ᠡᠳᠦᠷ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2