ᠣᠶᠢᠷ᠎ᠠ ᠳᠤ᠂ ᠵᠢᠨᠢᠩ ᠲᠣᠭᠤᠷᠢᠭ ᠤᠨ ᠴᠢᠶᠠᠨ ᠶᠢᠨ ᠯᠦ ᠵᠡᠭᠡᠯᠢ ᠭᠤᠳᠤᠮᠵᠢ ᠶᠢᠨ ᠸᠧᠢ ᠮᠢᠨ ᠨᠡᠶᠢᠭᠡᠮ | ᠲᠣᠭᠤᠷᠢᠭ ᠤᠨ ᠠᠷᠠᠰᠤ ᠨᠣᠣᠰᠣᠨ ᠬᠤᠳᠠᠯᠳᠤᠭᠠᠨ ᠤ ᠬᠤᠳᠠ ᠶᠢᠨ 17᠂ 19 ᠳ᠋ᠦ᠋ᠭᠡᠷ ᠠᠰᠠᠷ ᠤᠨ ᠰᠠᠭᠤᠭᠠᠯᠢ | ᠠᠷᠠᠳ ᠵᠠᠯᠭᠠᠭ᠎ᠠ ᠪᠠᠷ ᠣᠯᠠᠨ ᠡᠳᠦᠷ ᠤᠰᠤ ᠵᠣᠭᠰᠣᠭᠠᠬᠤ ᠬᠦᠴᠢᠷᠳᠡᠯ ᠳᠤ ᠤᠴᠠᠷᠠᠵᠤ᠂ ᠲᠡᠳᠡᠨ ᠤ ᠡᠳᠦᠷ | ᠲᠤᠲᠤᠮ ᠤᠨ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠪᠡ᠃ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢᠨ ᠡᠮᠦᠨ᠎ᠡ᠂ ᠨᠡᠶᠢᠭᠡᠮ ᠲᠣᠭᠤᠷᠢᠭ ᠤᠨ ᠠᠵᠢᠯᠲᠠᠳ | ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠡᠷᠡ ᠳᠠᠷᠤᠶ ᠳᠤᠨᠢ ᠲᠤᠬᠠᠶ ᠶᠢᠨ ᠲᠠᠯᠠᠪᠠᠢ ᠳᠤ ᠬᠦᠷᠴᠦ ᠰᠠᠭᠤᠭᠠᠯᠢ | ᠠᠷᠠᠳ ᠤᠨ ᠤᠷᠮ᠎ᠠ ᠰᠡᠳᠬᠢᠯᠭᠡ ᠶᠢ ᠲᠠᠶᠢᠳᠬᠤᠷᠠᠭᠤᠯᠬᠤ ᠶᠢᠨ ᠬᠠᠮᠲᠤ ᠲᠦᠭᠡᠭᠡᠯ ᠤᠰᠤᠨ ᠤ ᠺᠣᠮᠫᠠᠨᠢ ᠲᠠᠢ | ᠢᠳᠡᠪᠬᠢᠲᠡᠶ ᠬᠠᠷᠢᠯᠴᠠᠵᠤ ᠤᠰᠤ ᠵᠣᠭᠰᠣᠭᠠᠭᠰᠠᠨ ᠰᠢᠯᠲᠠᠭᠠᠨ ᠢ ᠡᠷᠢᠪᠡ᠃ ᠲᠤᠰᠬᠠᠶ ᠮᠡᠷᠭᠡᠵᠢᠯ ᠤᠨ ᠪᠠᠶᠢᠴᠠᠭᠠᠨ | ᠵᠠᠰᠠᠯᠲᠠ ᠪᠠᠷ ᠳᠠᠮᠵᠢᠨ᠂ ᠠᠵᠢᠯᠲᠠᠳ ᠠᠷᠠᠰᠤ ᠨᠣᠣᠰᠣᠨ ᠤ ᠬᠤᠳᠠᠯᠳᠤᠭᠠᠨ ᠤ ᠬᠤᠲᠠ ᠶᠢᠨ ᠳᠣᠲᠣᠷᠠᠬᠢ ᠲᠦᠭᠡᠭᠡᠯ | ᠤᠰᠤᠨ ᠤ ᠬᠤᠭᠤᠯᠠᠶ ᠶᠢᠨ ᠬᠠᠭᠤᠴᠢᠷᠠᠭᠰᠠᠨ ᠠᠴᠠ ᠪᠣᠯᠵᠤ ᠤᠰᠤ ᠲᠠᠰᠤᠷᠠᠭᠰᠠᠨ ᠢ ᠢᠯᠡᠷᠡᠭᠦᠯᠵᠦ᠂ ᠬᠦᠨᠳᠦ | ᠨᠣᠴᠢᠲᠠᠶ ᠤᠰᠤ ᠬᠦᠶᠦᠬᠦ ᠠᠰᠠᠭᠤᠳᠠᠯ ᠠᠴᠠ ᠪᠣᠯᠵᠤ ᠤᠰᠤ ᠵᠣᠭᠰᠣᠪᠠ᠃ | ᠤᠰᠤ ᠵᠣᠭᠰᠣᠭᠰᠠᠨ ᠬᠤᠭᠤᠴᠠᠭᠠᠨ ᠳᠤ ᠨᠡᠶᠢᠭᠡᠮ ᠲᠣᠭᠤᠷᠢᠭ ᠲᠤ ᠣᠯᠠᠨ ᠤᠳᠠᠭ᠎ᠠ ᠰᠠᠭᠤᠭᠠᠯᠢ ᠠᠷᠠᠳ ᠤᠨ | ᠵᠥᠪᠯᠡᠯ ᠬᠤᠷᠠᠯᠳᠤᠭᠤᠯᠵᠤ᠂ ᠣᠯᠠᠨ ᠢᠶᠠᠷ ᠢᠶᠠᠨ ᠰᠠᠭᠤᠵᠤ ᠪᠠᠶᠢᠭᠠᠳ ᠪᠡᠯᠡ ᠮᠥᠩᠭᠦ ᠴᠤᠭᠯᠠᠭᠤᠯᠬᠤ ᠪᠠ ᠰᠡᠯᠪᠢᠨ | ᠵᠠᠰᠠᠬᠤ ᠠᠷᠭ᠎ᠠ ᠶᠢ ᠵᠥᠪᠳᠡᠯᠴᠡᠪᠡ᠃ ᠨᠡᠶᠢᠭᠡᠮ ᠲᠣᠭᠤᠷᠢᠭ ᠤᠨ ᠠᠵᠢᠯᠲᠠᠳ ᠲᠦᠭᠡᠭᠡᠯ ᠤᠰᠤᠨ ᠤ ᠺᠣᠮᠫᠠᠨᠢ ᠪᠣᠯᠤᠨ | ᠵᠢᠨᠢᠩ ᠲᠣᠭᠤᠷᠢᠭ ᠤᠨ ᠭᠦᠸᠧ ᠷᠦᠩ ᠪᠡᠯᠡ ᠣᠷᠣᠭᠤᠯᠵᠤ ᠬᠥᠭᠵᠢᠭᠦᠯᠬᠦ ᠬᠢᠵᠠᠭᠠᠷᠲᠤ ᠺᠣᠮᠫᠠᠨᠢ ᠶᠢ | ᠬᠦᠯᠢᠴᠡᠩᠭᠦᠢ ᠪᠠᠷ ᠵᠣᠬᠢᠴᠠᠭᠤᠯᠵᠤ᠂ ᠳᠠᠷᠦ᠋ᠢᠬᠠᠨ ᠵᠠᠪᠳᠤᠨ ᠵᠠᠰᠠᠬᠤ ᠠᠵᠢᠯ ᠢ ᠲᠣᠬᠢᠷᠠᠭᠤᠯᠬᠤ ᠬᠡᠷᠡᠭᠲᠡᠢ᠃ ᠡᠭᠦᠨ ᠤ | ᠬᠠᠮᠲᠤ᠂ ᠡᠯ᠎ᠡ ᠲᠤᠤᠷᠵᠢᠯ ᠤᠨ ᠳᠠᠷᠤᠭ᠎ᠠ ᠲᠤᠤᠷᠵᠢᠯ ᠤᠨ ᠰᠦᠷᠦᠭᠵᠢᠯ ᠤᠨ ᠥᠨᠳᠥᠷ ᠳᠠᠪᠲᠠᠮᠵᠢᠲᠤ ᠰᠢᠨᠡᠳᠭᠡᠨ | ᠵᠠᠰᠠᠬᠤ ᠠᠬᠢᠴᠠ ᠪᠠᠷ ᠳᠠᠮᠵᠢᠭᠤᠯᠤᠨ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠬᠠᠮᠤᠭ ᠤᠨ ᠰᠢᠨ᠎ᠡ ᠪᠠᠶᠢᠳᠠᠯ ᠢ | ᠰᠠᠭᠤᠭᠠᠯᠢ ᠠᠷᠠᠳ ᠲᠤ ᠮᠡᠳᠡᠭᠳᠡᠵᠦ᠂ ᠣᠯᠠᠨ ᠤ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠰᠠᠭᠤᠭᠠᠯᠢ ᠠᠷᠠᠳ ᠯᠢ ᠯᠢᠨ ᠰᠡᠳᠬᠢᠯ ᠳᠣᠭᠳᠣᠯᠤᠨ᠄ ︽ᠨᠡᠶᠢᠭᠡᠮ ᠲᠣᠭᠤᠷᠢᠭ ᠳᠡᠩᠳᠡᠭᠦᠦ ᠳᠣᠲᠣᠨᠣ ᠪᠠᠶᠢᠨ᠎ᠠ᠂ | ᠡᠳᠦᠷ ᠡᠳᠦᠷ ᠪᠢᠳᠡᠨ ᠲᠠᠢ ᠬᠠᠮᠢᠭ᠎ᠠ ᠬᠦᠷᠲᠡᠯ᠎ᠡ ᠵᠠᠰᠠᠭᠰᠠᠨ ᠢ ᠬᠡᠯᠡᠵᠦ ᠥᠭᠭᠦᠨ᠂ ᠪᠢᠳᠡᠨ ᠤ ᠳᠣᠲᠣᠷ᠎ᠠ ᠰᠠᠨᠠᠭ᠎ᠠ | ᠠᠮᠤᠷ ᠪᠠᠶᠢᠨ᠎ᠠ︕︾ ᠭᠡᠵᠦ ᠰᠡᠳᠬᠢᠯ ᠳᠣᠭᠳᠣᠯᠤᠨ ᠬᠡᠯᠡᠨ᠎ᠡ᠃ | ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠵᠠᠪᠳᠤᠨ ᠵᠠᠰᠠᠬᠤ ᠠᠵᠢᠯ ᠢᠶᠠᠷ ᠳᠠᠮᠵᠢᠨ᠂ 17 ᠳ᠋ᠤᠭᠠᠷ | ᠠᠰᠠᠷ ᠤᠨ ᠲᠦᠭᠡᠭᠡᠯ ᠤᠰᠤᠨ ᠤ ᠬᠤᠭᠤᠯᠠᠶ ᠠᠮᠵᠢᠯᠳᠠ ᠲᠠᠢ ᠪᠠᠷ ᠨᠡᠪᠲᠡᠷᠡᠵᠦ᠂ ︽ᠲᠤᠩᠭᠠᠯᠠᠭ ᠪᠤᠯᠠᠭ︾ ᠳᠠᠬᠢᠨᠲᠠ | ᠰᠠᠭᠤᠭᠠᠯᠢ ᠠᠷᠠᠳ ᠤᠨ ᠭᠡᠷ ᠲᠤ ᠨᠡᠪᠲᠡᠷᠡᠵᠦ᠂ ᠰᠠᠭᠤᠭᠠᠯᠢ ᠠᠷᠠᠳ ᠤᠨ ᠠᠮᠢᠳᠤᠷᠠᠯ ᠴᠤ ᠳᠠᠬᠢᠨ ᠵᠥᠪ ᠵᠠᠮ ᠳᠠᠭᠠᠨ | ᠣᠷᠣᠪᠠ᠃ ᠰᠠᠭᠤᠭᠠᠯᠢ ᠠᠷᠠᠳ ᠸᠠᠩ ᠬᠠᠢ ᠵᠢᠶᠦ᠋ᠨ ᠡᠷᠡᠬᠡᠢ ᠬᠤᠷᠤᠭᠤ ᠪᠠᠨ ᠭᠤᠵᠣ ᠢᠯᠪᠢᠵᠦ᠄ ︽ᠨᠡᠶᠢᠭᠡᠮ | ᠲᠣᠭᠤᠷᠢᠭ ᠤᠨ ᠠᠵᠢᠯᠲᠠᠳ ᠲᠤ ᠮᠠᠰᠢ ᠶᠡᠭᠡ ᠬᠤᠬᠢᠷᠠᠯ ᠤᠴᠠᠷᠠᠭᠤᠯᠵᠠᠢ᠂ ᠬᠡᠷᠪᠡ ᠲᠡᠳᠡ ᠶᠠᠭᠠᠷᠠᠤ ᠰᠠᠨᠳᠤᠷᠤᠤ | ᠬᠤᠶᠢᠨ᠎ᠠ ᠪᠠᠶᠢᠭ᠎ᠠ ᠪᠢᠰᠢ ᠪᠣᠯ ᠲᠦᠷᠦᠭᠦᠯᠡᠨ ᠰᠢᠢᠳᠪᠦᠷᠢᠯᠡᠵᠦ᠂ ᠪᠢᠳᠡ ᠪᠠᠰᠠ ᠬᠡᠳᠦᠢ ᠤᠳᠠᠬᠤ ᠶᠢ ᠮᠡᠳᠡᠬᠦ ᠦᠭᠡᠢ᠃ | ᠡᠨᠡ ᠪᠣᠯ ᠰᠠᠶ᠋ᠢ ᠤᠯᠠᠨ ᠲᠦᠮᠡᠨ ᠳᠤ ᠦᠨᠡᠨ ᠪᠣᠳᠠᠲᠠᠢ ᠪᠣᠳᠠᠲᠤ ᠶᠠᠪᠤᠳᠠᠯ ᠬᠢᠵᠦ ᠥᠭᠴᠦ ᠪᠠᠶᠢᠭ᠎ᠠ ᠶᠠᠪᠤᠳᠠᠯ ᠮᠥᠨ︕ | ︾ ᠭᠡᠪᠡ᠃ | ᠠᠷᠠᠳ ᠤᠨ ᠲᠥᠯᠥᠭᠡ ᠨᠡᠶᠢᠭᠡᠮ ᠲᠣᠭᠤᠷᠢᠭ ᠡᠨᠡ ᠤᠳᠠᠭᠠᠨ ᠤ ᠤᠰᠤ ᠵᠣᠭᠰᠣᠭᠠᠬᠤ ᠬᠡᠷᠡᠭ ᠳᠤᠮᠳᠠ ︽ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠦᠢᠯᠡᠳᠦᠯᠭᠡᠵᠢᠭᠦᠯᠪᠡ᠃ | ᠲᠡᠳᠡ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠵᠦ᠂ ᠪᠦᠬᠦ ᠶᠠᠪᠤᠴᠠ ᠶᠢ ᠢᠯᠡ ᠲᠣᠳᠣ ᠲᠤᠰᠬᠠᠵᠤ᠂ | ᠰᠠᠭᠤᠭᠠᠯᠢ ᠠᠷᠠᠳ ᠲᠠᠢ ᠰᠡᠳᠬᠢᠯ ᠳᠤᠯᠠᠭᠠᠴᠠᠭᠤᠯᠤᠨ ᠨᠡᠪᠲᠡᠷᠡᠯᠴᠡᠵᠦ᠂ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ | ᠣᠯᠵᠠᠢ᠃ ᠨᠡᠶᠢᠭᠡᠮ ᠲᠣᠭᠤᠷᠢᠭ ᠤᠨ ᠠᠵᠢᠯᠲᠠᠳ᠂ ᠢᠷᠡᠭᠡᠳᠦᠢ ᠳᠤ ᠲᠡᠳᠡ ᠦᠷᠭᠦᠯᠵᠢᠯᠡᠨ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠠᠷᠭ᠎ᠠ ᠵᠠᠮ ᠢᠶᠠᠨ ᠰᠢᠨ᠎ᠡ ᠪᠠᠷ | ᠡᠭᠦᠳᠦᠨ ᠥᠷᠭᠡᠳᠬᠡᠵᠦ᠂ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠦᠷᠭᠦᠯᠵᠢᠯᠡᠨ ᠰᠢᠢᠳᠪᠦᠷᠢᠯᠡᠵᠦ᠂ ᠨᠡᠩ | ᠤᠯᠠᠨ ᠰᠡᠳᠬᠢᠯ ᠢ ᠳᠤᠯᠠᠭᠠᠴᠠᠭᠤᠯᠬᠤ ᠦᠯᠢᠭᠡᠷ ᠢ ᠪᠢᠴᠢᠭᠯᠡᠨ᠎ᠡ ᠭᠡᠵᠦ ᠢᠯᠡᠳᠬᠡᠵᠡᠭᠡᠪᠡ᠃ | | ᠣᠷᠴᠢᠭᠤᠯᠤᠭᠴᠢ᠄ ᠳ᠋ᠥᠩ ᠾᠦᠢ | |