ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠪᠦᠯ ᠤᠨ ᠤᠯᠠᠷᠢᠯ ᠤᠨ ᠬᠠᠯᠳᠠᠪᠤᠷᠢᠲᠤ ᠲᠠᠭᠰᠢᠭᠤᠷ ᠵᠡᠷᠭᠡ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠠᠵᠢᠯ ᠢ ᠢᠳᠡᠪᠬᠢᠲᠡᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/11/28
     ᠬᠠᠬᠢᠷ ᠡᠪᠦᠯ ᠪᠣᠯᠬᠤ ᠳᠤ᠂ ᠠᠮᠢᠰᠭᠤᠯ ᠤᠨ ᠵᠠᠮ ᠤᠨ ᠬᠠᠯᠳᠠᠪᠤᠷᠢᠲᠤ ᠡᠪᠡᠳᠴᠢᠨ ᠨᠢ ᠡᠨᠡ ᠬᠦ ᠣᠨᠴᠠᠭᠠᠢ ᠠᠭᠤᠷ ᠠᠮᠢᠰᠭᠤᠯ ᠤᠨ ᠣᠷᠴᠢᠨ ᠲᠣᠭᠤᠷᠢᠨ ᠳᠤ ᠶᠡᠭᠡ ᠡᠭᠦᠰᠬᠦ ᠪᠠᠶᠢᠳᠠᠯ ᠲᠠᠢ ᠪᠠᠶᠢᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠥᠪᠰᠢᠨ ᠢ ᠬᠦᠨᠳᠦ ᠨᠣᠴᠢᠲᠠᠢ ᠰᠦᠷᠳᠡᠭᠦᠯᠦᠭᠰᠡᠨ ᠪᠠᠶᠢᠨ᠎ᠠ᠃ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠮᠴᠢᠯᠡᠭᠡᠨ ᠤ ᠦᠶᠯᠡᠴᠢᠯᠡᠭᠡᠨ ᠤ ᠶᠠᠰᠤ ᠴᠢᠨᠠᠷ ᠬᠢᠭᠡᠳ ᠦᠷ᠎ᠡ ᠪᠦᠲᠦᠮᠵᠢ ᠶᠢ ᠨᠥᠯᠥᠭᠡᠯᠡᠬᠦ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠪᠦᠯ ᠤᠨ ᠤᠯᠠᠷᠢᠯ ᠤᠨ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠠᠵᠢᠯ ᠳᠤ ᠴᠢᠭᠯᠡᠭᠦᠯᠦᠨ᠂ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃   ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠢ ᠴᠢᠩᠭᠠᠳᠬᠠᠬᠤ ᠬᠡᠷᠡᠭᠲᠡᠶ᠃ ᠵᠢᠯᠣᠭᠤᠳᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠪᠠᠷᠢᠮᠵᠢᠶ᠎ᠠ ᠲᠠᠢ ᠬᠠᠷᠢᠴᠠᠭᠤᠯᠤᠨ ᠣᠨᠣᠪᠴᠢᠲᠠᠶ ᠵᠢᠯᠣᠭᠤᠳᠴᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠢᠳᠡᠪᠬᠢᠲᠡᠶ ᠬᠥᠳᠡᠯᠦᠯᠴᠡᠵᠦ᠂ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠤᠷᠢᠳᠴᠢᠯᠠᠨ ᠭᠦᠢᠴᠡᠳ ᠪᠡᠯᠡᠳᠬᠡᠵᠦ᠂ ᠠᠪᠤᠷᠠᠨ ᠵᠠᠰᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠪᠠᠰᠠ ᠪᠠᠷᠢᠮᠵᠢᠶ᠎ᠠ ᠶᠣᠰᠣᠭᠠᠷ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠷᠠᠭᠤᠯ ᠤᠨ ᠴᠡᠭ ᠤᠨ ᠦᠢᠯᠡᠳᠦᠯ ᠢ ᠴᠢᠩᠭᠠᠳᠬᠠᠵᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢ ᠨᠡᠭᠡᠭᠡᠨ᠎ᠡ᠃ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ ᠵᠠᠷᠴᠢᠮ ᠶᠣᠰᠣᠭᠠᠷ᠂ ᠠᠪᠤᠷᠠᠨ ᠵᠠᠰᠠᠬᠤ ᠣᠷᠣ ᠶᠢᠨ ᠪᠡᠯᠡᠳᠬᠡᠯ ᠪᠠ ᠲᠣᠬᠢᠷᠠᠭᠤᠯᠤᠯᠲᠠ ᠶᠢ ᠴᠢᠩᠭᠠᠳᠬᠠᠵᠤ᠂ ᠲᠣᠰ ᠭᠠᠵᠠᠷ ᠤᠨ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠ ᠶᠢ ᠬᠥᠳᠡᠯᠦᠩᠭᠦᠶ ᠪᠠᠷ ᠡᠵᠡᠮᠰᠢᠵᠦ᠂ ᠡᠮᠴᠢᠯᠡᠭᠡᠨ ᠤ ᠡᠮᠬᠢ ᠵᠢᠷᠤᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠠᠪᠤᠷᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠭᠤᠷᠢᠭ ᠤᠨ ᠬᠠᠷᠢᠶ᠎ᠠ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠱᠠᠭᠠᠷᠳᠠᠯᠭ᠎ᠠ ᠶᠢ ᠦᠨᠳᠦᠰᠦᠯᠡᠨ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠡᠷᠲᠡ ᠢᠯᠭᠠᠨ ᠲᠠᠨᠢᠬᠤ᠂ ᠡᠷᠲᠡ ᠣᠨᠣᠰᠢᠯᠠᠨ ᠵᠠᠰᠠᠬᠤ ᠶᠢ ᠴᠢᠩᠭᠠᠳᠬᠠᠨ᠂ ᠨᠢᠭᠡ ᠨᠠᠰᠤᠲᠠᠨ ᠪᠠ ᠨᠢᠯᠬ᠎ᠠ ᠬᠡᠤᠬᠡᠳ᠂ ᠵᠢᠷᠮᠦᠰᠦᠨ ᠡᠮᠡᠭᠲᠡᠶ᠂ ᠤᠳᠠᠭᠠᠨ ᠴᠢᠨᠠᠷᠲᠠᠶ ᠰᠠᠭᠤᠷᠢ ᠴᠢᠨᠠᠷᠲᠠᠶ ᠡᠪᠡᠳᠴᠢᠲᠡᠨ ᠵᠡᠷᠭᠡ ᠬᠥᠮᠦᠰ ᠢ ᠣᠨᠣᠰᠢᠯᠠᠨ ᠡᠮᠨᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠦᠨᠳᠦ ᠡᠪᠡᠳᠴᠢᠨ ᠡᠭᠦᠰᠬᠦ ᠶᠢ ᠪᠠᠭᠠᠰᠬᠠᠨ᠂ ᠪᠥᠬᠦ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠬᠤ ᠡᠭᠦᠳᠡᠨ ᠡᠮᠨᠡᠯᠭᠡ ᠪᠠ ᠲᠤᠰᠠᠭᠠᠷᠯᠠᠬᠤ ᠡᠪᠡᠳᠴᠢᠲᠡᠨ ᠤ ᠥᠷᠥᠭᠡ ᠶᠢ ᠵᠢᠷᠤᠮᠵᠢᠭᠤᠯᠤᠨ ᠬᠠᠮᠢᠶᠠᠷᠬᠤ ᠴᠤᠪᠤᠷᠠᠯ ᠢ ᠪᠠᠶᠢᠩᠭᠤᠵᠢᠭᠤᠯᠤᠨ ᠪᠠᠶᠢᠭᠤᠯᠵᠤ᠂ ᠰᠢᠯᠵᠢᠭᠦᠯᠦᠨ ᠲᠡᠭᠡᠭᠡᠪᠦᠷᠢᠯᠡᠬᠦ᠂ ᠬᠠᠮᠲᠤᠷᠠᠨ ᠣᠨᠣᠰᠢᠯᠠᠬᠤ ᠵᠡᠷᠭᠡ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠦᠨ᠂ ᠠᠪᠤᠷᠠᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃     ᠪᠣᠯᠪᠠᠰᠣᠷᠡᠭᠤᠯᠥᠯ ᠢ ᠴᠢᠩᠭᠠᠳᠬᠠᠵᠦ᠂ ᠣᠯᠡᠨ ᠡᠪᠡᠳᠴᠢᠨ ᠢ ᠬᠠᠮᠳᠣᠪᠡᠷ ᠰᠡᠷᠭᠡᠶᠢᠯᠡᠬᠦ ᠶᠢ ᠪᠠᠷᠢᠮᠳᠠᠯᠠᠬᠤ ᠬᠡᠷᠡᠭᠳᠡᠢ᠃ ᠦᠨᠳᠦᠰᠦᠨ ᠱᠠᠲᠤ ᠪᠠᠷ ᠭᠤᠤᠯᠳᠠᠯᠭ᠎ᠠ ᠪᠣᠯᠭᠠᠭᠰᠠᠨ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠲᠤᠭᠤᠷᠢᠭ ᠤᠨ ᠬᠠᠷᠢᠶ᠎ᠠ ᠬᠤᠶᠠᠷ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ ᠨᠢᠰᠬᠡᠯ ᠤᠨ ᠪᠠᠭᠤᠳᠠᠯ ᠤᠨ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠤᠨ ᠴᠢᠭ ᠲᠤ ᠰᠠᠭᠤᠯᠭᠠᠬᠤ ᠪᠣᠯᠪᠠᠰᠤᠷᠠᠭᠤᠯᠤᠯ᠂ ᠲᠤᠬᠠᠶ ᠶᠢᠨ ᠭᠠᠵᠠᠷ ᠲᠤᠨᠢ ᠵᠢᠯᠣᠭᠤᠳᠬᠤ᠂ ᠠᠯᠤᠰ ᠡᠵᠡᠮᠰᠢᠯᠲᠦ ᠡᠮᠴᠢᠯᠡᠭᠡ ᠵᠡᠷᠭᠡ ᠠᠷᠭ᠎ᠠ ᠪᠠᠷᠢᠯ ᠢ ᠬᠡᠷᠡᠭᠵᠢᠭᠦᠯᠵᠦ᠂ ᠦᠨᠳᠦᠰᠦᠨ ᠱᠠᠲᠤ ᠶᠢ ᠬᠠᠪᠰᠤᠷᠤᠨ ᠣᠨᠣᠰᠢᠯᠠᠨ ᠡᠮᠨᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠢ ᠰᠠᠶᠢᠲᠤᠷ ᠬᠢᠵᠦ᠂ ᠬᠠᠮᠢᠶ᠎ᠠ ᠪᠦᠬᠦᠢ ᠬᠢᠵᠢᠭ ᠤᠨ ᠪᠠᠶᠢᠳᠠᠯ ᠢ ᠡᠮᠴᠢᠯᠡᠭᠡᠨ ᠤ ᠪᠠᠶᠢᠭᠤᠯᠤᠮᠵᠢ ᠳᠤ ᠪᠤᠶᠤ ᠡᠮᠴᠢᠯᠡᠭᠡᠨ ᠤ ᠪᠠᠶᠢᠭᠤᠯᠤᠮᠵᠢ ᠪᠠᠷ ᠳᠠᠮᠵᠢᠨ ᠬᠠᠯᠳᠠᠪᠤᠷᠢᠯᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠷᠢᠶ᠎ᠠ ᠣᠷᠣᠨ ᠤ ᠳᠣᠲᠣᠷᠠᠬᠢ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠲᠥᠰᠦᠯ ᠤᠨ ᠰᠤᠷᠤᠯᠴᠠᠯᠭ᠎ᠠ ᠶᠢ ᠴᠢᠩᠭᠠᠷᠠᠭᠤᠯᠤᠨ᠎ᠠ᠃    ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠣᠯᠠᠨ ᠵᠦᠢᠯ ᠤᠨ ᠬᠡᠯᠪᠡᠷᠢ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠢᠯᠠᠩᠭᠤᠶ᠎ᠠ ᠨᠠᠰᠤᠲᠠᠶᠢᠴᠤᠳ᠂ ᠬᠡᠤᠬᠡᠳ᠂ ᠵᠢᠷᠮᠦᠰᠦᠨ ᠪᠦᠰᠡᠭᠦᠢ ᠵᠡᠷᠭᠡ ᠭᠤᠤᠯᠳᠠᠯᠭ᠎ᠠ ᠲᠠᠢ ᠬᠥᠮᠦᠰ ᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠣᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠡᠮᠨᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ᠰᠦᠯᠵᠢᠶᠡᠨ ᠤ ᠰᠠᠭᠤᠷᠢ︾ ᠪᠠ ᠬᠡᠷ ᠪᠦᠯᠢ ᠶᠢᠨ ᠡᠮᠴᠢ ᠶᠢᠨ ᠡᠷᠡᠭᠦᠯ ᠮᠡᠨᠳᠦ ᠶᠢᠨ ︽ᠡᠭᠦᠳᠡ ᠰᠠᠬᠢᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠰᠠᠭᠤᠷᠢ ᠡᠪᠡᠳᠴᠢᠨ ᠵᠡᠷᠭᠡ ᠣᠨᠴᠠᠭᠠᠶ ᠬᠥᠮᠦᠰ ᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠥᠳᠡᠯᠦᠯ ᠪᠠᠶᠢᠳᠠᠯ ᠪᠠ ᠨᠡᠶᠢᠭᠡᠮ ᠤᠨ ᠬᠠᠯᠠᠮᠰᠢᠯ ᠠᠰᠠᠭᠤᠳᠠᠯ ᠢ ᠨᠢᠭᠲᠠ ᠠᠩᠬᠠᠷᠴᠤ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠡᠪᠦᠯ ᠤᠨ ᠤᠯᠠᠷᠢᠯ ᠤᠨ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃              ᠣᠷᠴᠢᠭᠤᠯᠤᠭᠴᠢ᠄  ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2