| | | | | | 11 ᠰᠠᠷ᠎ᠠ ᠶᠢᠨ 28 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠨᠢᠩ ᠲᠣᠭᠤᠷᠢᠭ ᠤᠨ ᠬᠤᠷᠢᠶ᠎ᠠ | ᠂ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠪᠠᠭᠠᠴᠤᠳ ᠤᠨ ᠬᠤᠰᠢᠭᠤᠴᠢ ᠠᠩᠬᠢ ᠶᠢᠨ ᠵᠢᠨᠢᠩ | ᠲᠣᠭᠤᠷᠢᠭ ᠤᠨ ᠠᠵᠢᠯ ᠤᠨ ᠵᠥᠪᠯᠡᠯ ᠠᠴᠠ ᠬᠠᠮᠲᠤᠷᠠᠨ ᠡᠷᠬᠢᠯᠡᠭᠰᠡᠨ ᠪᠦᠬᠦ ᠲᠤᠭᠤᠷᠢᠭ ᠤᠨ ᠰᠤᠷᠭᠠᠭᠤᠯᠢ ᠶᠢᠨ | ᠬᠦᠷᠢᠶᠡᠨ ᠤ ᠡᠪᠯᠡᠯ ᠤᠨ ᠺᠠᠳ᠋ᠷ ᠤᠨ ᠪᠣᠯᠪᠠᠰᠤᠷᠠᠯ ᠵᠢᠴᠢ ᠤᠷ᠎ᠠ ᠴᠢᠳᠠᠪᠤᠷᠢ ᠶᠢᠨ ᠤᠷᠤᠯᠳᠤᠭᠠᠨ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A6 ᠳ᠋ᠤᠭᠠᠷ ᠠᠰᠠᠷ ᠲᠤ | ᠶᠠᠪᠤᠭᠳᠠᠵᠤ᠂ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ | ᠠᠩᠬᠢ ᠶᠢᠨ ᠬᠠᠪᠰᠤᠷᠤᠨ ᠵᠢᠯᠣᠭᠤᠳᠤᠭᠴᠢ ᠪᠣᠯᠤᠨ ᠡᠪᠯᠡᠯ ᠤᠨ ᠬᠤᠷᠢᠶᠠᠨ ᠤ ᠱᠦᠵᠢ ᠪᠣᠯᠪᠠᠰᠤᠷᠠᠯ ᠳᠤ ᠣᠷᠣᠯᠴᠠᠪᠠ᠃ | | ᠲᠣᠰ ᠤᠳᠠᠭᠠᠨ ᠤ ᠪᠣᠯᠪᠠᠰᠤᠷᠠᠭᠤᠯᠤᠯ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠴᠤᠳ ᠤᠨ | ᠠᠵᠢᠯ ᠤᠨ ᠲᠤᠬᠠᠶ ᠴᠢᠬᠤᠯᠠ ᠦᠵᠡᠯ ᠰᠠᠨᠠᠭ᠎ᠠ ᠪᠠᠷ ᠭᠤᠤᠯᠳᠠᠯᠭ᠎ᠠ ᠪᠣᠯᠭᠠᠵᠤ᠂ ᠬᠢᠴᠢᠶᠡᠯᠯᠡᠬᠦ ᠪᠠᠭᠰᠢ ᠳᠤ ᠭᠦᠨᠵᠡᠭᠡᠶ | ᠪᠥᠭᠡᠳ ᠣᠶᠢᠯᠠᠭᠠᠮᠵᠢᠲᠠᠶ᠂ ᠠᠮᠢᠳᠤᠯᠢᠭ ᠳᠦᠷᠰᠦᠯᠢᠭ ᠲᠠᠶᠢᠯᠤᠮᠵᠢ ᠬᠢᠬᠦ ᠪᠠᠷ ᠳᠠᠮᠵᠢᠭᠤᠯᠤᠨ᠂ ᠡᠪᠯᠡᠯ ᠤᠨ ᠺᠠᠳ᠋ᠷ ᠤᠨ | ᠤᠯᠤᠰ ᠲᠥᠷᠥ ᠶᠢᠨ ᠬᠡᠪ ᠪᠣᠯᠪᠠᠰᠤᠷᠠᠯ᠂ ᠣᠨᠣᠯ ᠤᠨ ᠬᠢᠷᠢ ᠲᠦᠪᠰᠢᠨ᠂ ᠲᠤᠰᠬᠠᠶ ᠮᠡᠷᠭᠡᠵᠢᠯ ᠤᠨ ᠴᠢᠳᠠᠪᠤᠷᠢ ᠪᠠ | ᠦᠢᠯᠡᠳᠦᠯᠭᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠠᠰᠠ | ᠤᠷ᠎ᠠ ᠮᠡᠷᠭᠡᠵᠢᠯ ᠤᠨ ᠤᠷᠤᠯᠳᠤᠭᠠᠨ ᠶᠠᠪᠤᠭᠤᠯᠵᠤ᠂ ᠣᠨᠣᠯ ᠤᠨ ᠰᠤᠷᠤᠯᠴᠠᠯᠭ᠎ᠠ᠂ ᠴᠢᠳᠠᠪᠤᠷᠢ ᠶᠢᠨ ᠳᠡᠭᠡᠭᠰᠢᠯᠡᠯᠲᠡ᠂ | ᠲᠤᠷᠰᠢᠯᠭ᠎ᠠ ᠶᠢᠨ ᠰᠣᠯᠢᠯᠴᠠᠭ᠎ᠠ᠂ ᠦᠷ᠎ᠡ ᠪᠦᠲᠦᠭᠡᠯ ᠤᠨ ᠮᠥᠷᠦ᠋ᠢᠴᠡᠭᠡᠨ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ | ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠪᠣᠯᠤᠨ ᠪᠠᠭᠠᠴᠤᠳ ᠤᠨ | ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠵᠠᠯᠠᠭᠤ ᠨᠠᠰᠤᠨ ᠤ ᠴᠤᠭ ᠵᠢᠪᠬᠤᠭ᠎ᠠ ᠶᠢ ᠪᠥᠬᠦ ᠲᠠᠯ᠎ᠠ ᠪᠠᠷ | ᠢᠯᠡᠷᠡᠭᠦᠯᠪᠡ᠃ | ᠨᠠᠶᠢᠷᠠᠭᠤᠯᠤᠭᠴᠢ ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |