| | | | | | | | 11 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ 2024 ᠣᠨ ᠤ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠠ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ | ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠨᠢᠭᠡᠳᠦᠭᠡᠷ ᠶᠡᠭᠡ ᠠᠩᠭᠢ ᠶᠢᠨ ᠳᠠᠷᠤᠭ᠎ᠠ ᠮᠥᠩᠬᠡ ᠂ ᠬᠢᠴᠢᠶᠡᠯ ᠤᠨ ᠲᠠᠩᠬᠢᠮ ᠢᠶᠠᠷ ᠲᠠᠶᠢᠯᠪᠤᠷᠢᠯᠠᠬᠤ᠂ | ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠶᠠᠭᠤ ᠶᠢ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠠᠵᠢᠯ᠂ ︽ᠱᠠᠯᠢᠭ ᠵᠠᠪᠬᠠᠶ ᠵᠦᠢᠯᠡᠰ ᠢ ᠠᠷᠢᠯᠭᠠᠬᠤ ᠠᠵᠢᠯᠯᠠᠭ᠎ᠠ︾ ᠪᠠ ︽ᠴᠢᠬᠢ ᠬᠠᠮᠠᠭᠠᠯᠠᠬᠤ | ᠠᠵᠢᠯᠯᠠᠭ᠎ᠠ︾ ᠵᠡᠷᠭᠡ ᠲᠠᠯ᠎ᠠ ᠪᠠᠷ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠠᠵᠢᠯ ᠤᠨ ᠭᠤᠤᠯᠳᠠᠯᠭ᠎ᠠ ᠪᠠ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠵᠤ᠂ ᠴᠡᠭ ᠢᠶᠠᠷ | ᠨᠡᠶᠢᠳᠡᠮ ᠢ ᠳᠠᠶᠢᠴᠢᠯᠠᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ︾ ᠠᠵᠢᠯ ᠢ ᠬᠡᠷᠬᠢᠨ ᠠᠬᠢᠭᠤᠯᠬᠤ ᠲᠤᠬᠠᠶ ᠭᠦᠨᠵᠡᠭᠡᠶ ᠲᠠᠶᠢᠯᠪᠤᠷᠢᠯᠠᠵᠠᠢ᠃ ᠳᠠᠷᠠᠭ᠎ᠠ ᠨᠢ᠂ ᠬᠤᠲᠠ ᠶᠢᠨ | ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠦ᠋ ᠶᠠ ᠮᠢᠶᠣᠣ ︽ᠲᠠᠯ᠎ᠠ ᠨᠤᠲᠤᠭ ᠤᠨ | ᠨᠣᠮ ᠤᠨ ᠥᠷᠥᠭᠡ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠠᠮᠢᠶᠠᠷᠤᠭᠴᠢ ᠶᠢᠨ ᠠᠵᠢᠯ ᠤᠨ | ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ᠂ ︽ᠲᠠᠯ᠎ᠠ ᠨᠤᠲᠤᠭ ᠤᠨ ᠨᠣᠮ ᠤᠨ | ᠥᠷᠥᠭᠡ︾ ᠶᠢᠨ ᠬᠠᠮᠢᠶᠠᠷᠤᠭᠴᠢ ᠶᠢ ᠬᠠᠪᠰᠤᠷᠤᠨ ᠨᠣᠮ ᠪᠢᠴᠢᠭ ᠤᠨ ᠬᠠᠮᠢᠶᠠᠷᠤᠯᠲᠠ ᠶᠢᠨ ᠠᠷᠭ᠎ᠠ ᠪᠣᠯᠤᠨ ᠬᠡᠪᠯᠡᠯ | ᠬᠤᠯᠠᠭᠠᠶᠢᠯᠠᠭᠰᠠᠨ ᠨᠣᠮ ᠪᠢᠴᠢᠭ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠭᠦᠯᠪᠡ᠃ | ᠪᠥᠬᠦ ᠲᠤᠭᠤᠷᠢᠭ ᠤᠨ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠤᠰᠬᠠᠶ ᠲᠤᠰᠢᠶᠠᠯᠲᠤ ᠤᠬᠠᠭᠤᠯᠬᠤ | ᠭᠡᠰᠢᠭᠦᠨ᠂ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ︽ᠱᠠᠯᠢᠭ ᠵᠠᠪᠬᠠᠶ ᠵᠦᠢᠯᠡᠰ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠥᠷᠲᠡᠭᠡ ᠴᠡᠭ ᠤᠨ ᠠᠵᠢᠯᠲᠠᠨ᠂ ︽ | ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠬᠠᠮᠢᠶᠠᠷᠤᠭᠴᠢ ᠪᠣᠯᠪᠠᠰᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |