ᠵᠠᠩ ᠶᠦᠩ ᠸᠧᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/8
    11 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃     ᠵᠠᠩ ᠶᠦᠩ ᠸᠧᠨ ᠤᠷᠢᠳ ᠬᠤᠵᠢᠳ ᠪᠠᠢ ᠬᠠᠢ ᠽᠢ ᠪᠠᠯᠭᠠᠰᠤᠨ ᠤ ᠱᠧᠩ ᠵᠢᠶᠠ ᠶᠢᠩ ᠲᠣᠰᠬᠤᠨ᠂ ᠳᠤᠯᠤᠭᠠᠨ ᠰᠦᠮ᠎ᠡ ᠲᠣᠰᠬᠤᠨ᠂ ᠮᠠ ᠯᠢᠶᠠᠨ ᠴᠢᠦᠢ ᠰᠢᠶᠠᠩ ᠤᠨ ᠵᠠᠢ ᠵᠢᠶᠠ ᠭᠸᠤ ᠲᠣᠰᠬᠤᠨ ᠳᠤ ᠬᠦᠷᠴᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠲᠣᠰᠬᠤᠨ ᠤ ᠳᠦᠷᠰᠦ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠪᠡ᠃     ᠵᠠᠩ ᠶᠦᠩ ᠸᠧᠨ ᠬᠡᠯᠡᠭᠰᠡᠨ ᠨᠢ ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠤᠯᠠᠨ ᠲᠦᠮᠡᠨ ᠤ ᠪᠤᠶᠠᠨ ᠵᠢᠷᠭᠠᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠴᠡᠪᠡᠷ ᠴᠡᠮᠴᠡᠭᠡᠷ᠂ ᠪᠣᠯᠪᠠᠰᠤᠨ᠂ ᠡᠮᠬᠢ ᠵᠢᠷᠤᠮ ᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ᠂ ᠪᠣᠬᠢᠷ ᠤᠰᠤ ᠶᠢ ᠰᠢᠢᠳᠪᠦᠷᠢᠯᠡᠬᠦ ᠶᠢ ᠭᠦᠨᠵᠡᠭᠡᠢ ᠠᠬᠢᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠪᠬᠢᠲᠡᠢ ᠪᠠᠷ ᠠᠷᠭ᠎ᠠ ᠰᠦᠪᠡᠭᠴᠢᠯᠡᠵᠦ᠂ ᠰᠡᠳᠬᠢᠴᠡ ᠪᠠᠨ ᠥᠷᠭᠡᠳᠬᠡᠵᠦ᠂ ᠲᠦᠷᠦᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠡᠷᠭᠡ ᠲᠦᠷᠦᠯ ᠵᠦᠢᠯ ᠤᠨ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠣᠯᠠᠨ ᠲᠦᠮᠡᠨ ᠤ ᠡᠷᠡᠭᠦᠯ ᠬᠠᠮᠠᠭᠠᠯᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠂ ᠬᠥᠮᠦᠨ ᠪᠦᠬᠦᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠯᠠᠮᠵᠢᠯᠠᠬᠤ᠂ ᠬᠥᠮᠦᠨ ᠪᠦᠬᠦᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2