ᠵᠢᠨᠢᠩ ᠲᠣᠭᠤᠷᠢᠭ ‍ᠤᠨ‌ᠠᠷᠠᠳ ᠤᠨ ᠵᠠᠰᠠᠭ ᠤᠨ ᠣᠷᠳᠣᠨ 2024 ᠣᠨ ᠤ 19 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/8
    11 ᠰᠠᠷ᠎ᠠ ᠶᠢᠨ 7 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 19 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠮᠠᠨ ᠤ  ᠲᠤᠭᠤᠷᠢᠭ ᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠡᠳ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠲᠠᠨᠢᠨ ᠡᠵᠡᠮᠳᠡᠵᠦ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢᠨ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢ ᠵᠢᠨᠢᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ ᠂ ᠥᠭᠡᠷᠡᠴᠢᠯᠡᠯᠲᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠬᠤᠷᠢᠶᠠᠵᠤ᠂ ᠠᠷᠠᠳ ᠤᠨ ᠠᠮᠢᠳᠤᠷᠠᠯ ᠤᠨ ︽ᠪᠠᠭ᠎ᠠ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠨᠠᠰᠤᠵᠢᠯ ᠤᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ ᠤᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2