| | ᠡᠨᠡ ᠵᠢᠯ ᠠᠴᠠ ᠨᠠᠰᠢ᠂ ᠵᠢᠨᠢᠩ ᠲᠣᠭᠤᠷᠢᠭ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ ᠣᠯᠭᠤᠬᠤ᠂ ᠦᠷ᠎ᠡ | ᠠᠰᠢᠭ ᠢ ᠨᠡᠮᠡᠭᠳᠡᠭᠦᠯᠬᠦ ᠭᠤᠷᠪᠠᠨ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ | ᠡᠷᠬᠡ ᠶᠢ ᠲᠣᠭᠲᠠᠭᠠᠬᠤ᠂ ᠡᠩᠨᠡᠭᠡ ᠶᠢ ᠬᠦᠴᠦᠷᠬᠡᠭᠵᠢᠭᠦᠯᠬᠦ᠂ ᠬᠠᠮᠲᠤᠷᠠᠯ ᠬᠦᠴᠦᠨ ᠢ ᠨᠢᠭᠲᠠᠷᠠᠭᠤᠯᠬᠤ ᠪᠠᠷ | ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠤᠯᠠᠨ ᠲᠦᠮᠡᠨ ᠲᠠᠢ ᠬᠠᠷᠢᠯᠴᠠᠵᠤ ᠤᠯᠠᠨ | ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠵᠤ ᠲᠠᠶᠢᠴᠢᠯᠠᠪᠠ᠃ ᠠᠵᠢᠯ ᠤᠨ ᠶᠠᠪᠤᠳᠠᠯ ᠤᠨ ᠡᠷᠬᠡ | ᠬᠠᠷᠢᠭᠤᠴᠠᠯᠭ᠎ᠠ ᠨᠢ ᠲᠣᠳᠣᠷᠬᠠᠶ ᠥᠬᠡᠶ᠂ ᠲᠣᠰᠬᠤᠨ ︵ᠨᠡᠶᠢᠭᠡᠮ ᠲᠣᠭᠤᠷᠢᠭ︶ ᠤ ᠫᠠᠶᠢᠰᠠ ᠡᠯᠭᠦᠭᠰᠡᠨ ᠨᠢ ᠠᠷᠪᠢᠨ᠂ | ᠮᠡᠳᠡᠭᠦᠯᠬᠦ ᠬᠦᠰᠦᠨᠦᠭᠲᠦ ᠶᠢᠨ ᠡᠬᠡ ᠲᠠᠩᠰᠠ ᠨᠢ ᠠᠷᠪᠢᠨ᠂ ᠰᠢᠯᠭᠠᠨ ᠬᠢᠨᠠᠬᠤ ᠳᠤ ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ᠂ ᠸᠢᠴᠠᠲ ᠤᠨ ᠠᠵᠢᠯ ᠤᠨ ᠰᠦᠷᠦᠭᠵᠢᠯ ᠤᠨ ᠰᠠᠨᠠᠭᠤᠯᠤᠮᠵᠢ ᠲᠠᠰᠤᠷᠠᠯᠲᠠ ᠥᠬᠡᠶ ᠪᠠᠶᠢᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠵᠢᠨᠢᠩ ᠲᠣᠭᠤᠷᠢᠭ ᠤᠨ ᠫᠠᠶᠢᠰᠠ ᠠᠪᠬᠤ᠂ ᠬᠡᠷᠡᠮ ᠢ ᠴᠡᠪᠡᠷᠯᠡᠬᠦ᠂ ᠰᠦᠷᠦᠭᠵᠢᠯ ᠢ | ᠴᠡᠪᠡᠷᠯᠡᠬᠦ ᠵᠡᠷᠭᠡ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠪᠡ᠃ | ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ | ᠵᠢᠯᠣᠭᠤᠳᠴᠤ᠂ ᠫᠠᠶᠢᠰᠠ ᠡᠯᠭᠦᠭᠰᠡᠨ ᠪᠠᠶᠢᠳᠠᠯ ᠢ ᠰᠢᠰᠲ᠋ᠧᠮ ᠲᠠᠢ ᠡᠮᠬᠢᠯᠡᠨ ᠵᠢᠭᠰᠠᠭᠠᠨ ᠪᠠᠶᠢᠴᠠᠭᠠᠵᠤ᠂ ᠲᠣᠰᠬᠤᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠲᠤ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ᠂ ᠲᠣᠰᠬᠤᠨ ᠤ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ︾ ᠭᠡᠬᠦ 4 ᠫᠠᠶᠢᠰᠠ ᠡᠯᠭᠦᠵᠦ᠂ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠲᠤ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ | ᠰᠠᠭᠤᠭᠠᠯᠢ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠶᠠᠪᠤᠳᠠᠯ ᠤᠨ ᠬᠢᠨᠠᠯᠲᠠ ᠲᠠᠯᠪᠢᠬᠤ ᠵᠥᠪᠯᠡᠯ︾ ᠤᠨ 3 | ᠲᠡᠮᠳᠡᠭ ᠪᠠ ︽ᠲᠣᠰᠬᠤᠨ ︵ᠨᠡᠶᠢᠭᠡᠮ ᠲᠣᠭᠤᠷᠢᠭ︶ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ | ᠲᠣᠰᠬᠤᠨ ︵ᠨᠡᠶᠢᠭᠡᠮ ᠲᠣᠭᠤᠷᠢᠭ︶ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ︾ | ᠭᠡᠬᠦ 2 ᠲᠡᠮᠳᠡᠭ ᠢ ᠡᠯᠭᠦᠬᠦ ᠪᠠᠷ ᠲᠣᠭᠲᠠᠪᠠ᠃ ᠣᠳᠣᠬᠠᠨ ᠪᠣᠯᠲᠠᠯ᠎ᠠ᠂ ᠵᠢᠨᠢᠩ ᠲᠣᠭᠤᠷᠢᠭ ᠨᠢᠭᠡᠨᠲᠡ ᠲᠣᠰᠬᠤᠨ᠂ | ᠨᠡᠶᠢᠭᠡᠮ ᠲᠣᠭᠤᠷᠢᠭ ᠤᠨ ᠫᠠᠶᠢᠰᠠ ᠶᠢᠨ ᠲᠡᠮᠳᠡᠭ ᠢ 700 ᠭᠠᠷᠤᠶ ᠢᠯᠭᠠᠷᠠᠭᠤᠯᠪᠠ︔ ᠲᠣᠰᠬᠤᠨ ︵ᠨᠡᠶᠢᠭᠡᠮ | ᠲᠣᠭᠤᠷᠢᠭ︶ ᠤ ᠡᠭᠦᠷᠭᠡ ᠬᠠᠷᠢᠭᠤᠴᠠᠯᠭ᠎ᠠ ᠶᠢᠨ ᠤᠴᠢᠷ ᠶᠠᠪᠤᠳᠠᠯ ᠤᠨ ᠨᠠᠷᠢᠨ ᠳᠠᠩᠰᠠ ᠶᠢ ᠳᠤᠭᠳᠠᠭᠠᠵᠤ᠂ ᠳᠤᠰᠬᠤᠨ | ᠬᠠᠤᠯᠢ ᠶᠣᠰᠣᠭᠠᠷ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠤᠴᠢᠷ ᠶᠠᠪᠤᠳᠠᠯ ᠢ 51 ᠵᠦᠢᠯ᠂ | ᠲᠣᠰᠬᠤᠨ ᠤ ᠬᠠᠤᠯᠢ ᠶᠣᠰᠣᠭᠠᠷ ᠬᠠᠮᠵᠢᠯᠴᠠᠨ ᠬᠠᠪᠰᠤᠷᠬᠤ ᠠᠵᠢᠯ ᠤᠨ ᠬᠡᠷᠡᠭ ᠶᠠᠪᠤᠳᠠᠯ ᠢ 20 ᠵᠦᠢᠯ᠂ ᠬᠠᠤᠯᠢ | ᠶᠣᠰᠣᠭᠠᠷ ᠬᠠᠪᠰᠤᠷᠤᠨ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ 20 ᠵᠦᠢᠯ᠂ ᠨᠡᠶᠢᠭᠡᠮ | ᠲᠣᠭᠤᠷᠢᠭ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠬᠡᠷᠡᠭ ᠶᠠᠪᠤᠳᠠᠯ ᠢ 46 | ᠵᠦᠢᠯ᠂ ᠬᠠᠤᠯᠢ ᠶᠣᠰᠣᠭᠠᠷ ᠬᠠᠪᠰᠤᠷᠤᠨ ᠠᠵᠢᠯ ᠤᠨ ᠤᠴᠢᠷ ᠶᠠᠪᠤᠳᠠᠯ ᠢ 18 ᠵᠦᠢᠯ᠂ ᠭᠡᠷᠡᠴᠢᠯᠡᠬᠦ ᠵᠦᠢᠯᠡᠰ ᠤᠨ | ᠨᠠᠵᠠᠭᠠᠢ ᠲᠠᠯ᠎ᠠ ᠶᠢᠨ ᠨᠠᠷᠢᠨ ᠲᠠᠩᠰᠠ 20 ᠵᠦᠢᠯ ᠢ ᠢᠯᠭᠠᠷᠠᠭᠤᠯᠪᠠ︔ ᠡᠭᠦᠨ ᠤ ᠬᠠᠮᠲᠤ ᠪᠢᠴᠢᠭ ᠮᠠᠲ᠋ᠧᠷᠢᠶᠠᠯ ᠢ | ᠴᠣᠮᠬᠠᠳᠬᠠᠨ ᠬᠤᠷᠠᠯ ᠬᠤᠷᠠᠯᠳᠤᠭᠤᠯᠵᠤ᠂ ᠮᠠᠲ᠋ᠧᠷᠢᠶᠠᠯ ᠢ ᠳᠠᠪᠬᠤᠷᠳᠠᠭᠤᠯᠤᠨ ᠮᠡᠳᠡᠭᠦᠯᠦᠨ ᠬᠦᠷᠭᠡᠬᠦ ᠶᠢ ᠪᠠᠭᠠᠰᠬᠠᠵᠤ᠂ | ᠦᠨᠳᠦᠰᠦᠨ ᠱᠠᠲᠤᠨ ᠤ ᠺᠠᠳ᠋ᠷᠴᠤᠳ ᠤᠨ ᠴᠠᠭ ᠢ ᠤᠯᠠᠨ ᠲᠦᠮᠡᠨ ᠳᠤ ᠦᠢᠯᠡᠴᠢᠯᠡᠬᠦ ᠳᠤ ᠬᠡᠷᠡᠭᠯᠡᠵᠦ᠂ ᠦᠨᠳᠦᠰᠦᠨ | ᠱᠠᠲᠤᠨ ᠤ ᠠᠵᠢᠯ ᠢ ᠨᠡᠩ ᠦᠷ᠎ᠡ ᠪᠦᠲᠦᠮᠵᠢ ᠲᠠᠢ᠂ ᠨᠡᠩ ᠠᠮᠢᠵᠢᠷᠠᠯ ᠤᠨ ᠬᠦᠴᠦᠨ ᠲᠠᠢ ᠪᠣᠯᠭᠠᠬᠤ ᠶᠢ ᠠᠬᠢᠭᠤᠯᠪᠡ᠃ | | |