| | 12 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 21 ᠳ᠋ᠤᠭᠡᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ | 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶ᠎ᠠ ᠪᠥᠬᠦᠶ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠵᠢᠯᠣᠭᠤᠳᠣᠯᠭ᠎ᠠ ᠬᠠᠩᠭᠠᠬᠤ | ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ᠂ ᠶᠠᠪᠤᠴᠠ ᠶᠢ ᠤᠯᠠᠨ ᠠᠷᠭ᠎ᠠ ᠵᠠᠮ ᠢᠶᠠᠷ ᠲᠠᠶᠢᠯᠪᠤᠷᠢᠯᠠᠵᠤ᠂ ᠤᠯᠠᠨ | ᠲᠦᠮᠡᠨ ᠤ ᠣᠶᠢᠯᠠᠭᠠᠬᠤ ᠨᠤᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠭᠴᠢᠳ ᠲᠤ ᠦᠨᠡᠨᠬᠦ | ᠬᠠᠷᠠᠭᠠᠯᠵᠠᠯ ᠬᠦᠷᠲᠡᠭᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠠᠮᠤᠷ ᠲᠦᠪᠰᠢᠨ᠂ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠪᠠᠶᠢᠩᠭᠤ ᠶᠢᠨ ᠪᠥᠭᠡᠳ ᠤᠷᠳᠤ | ᠬᠤᠭᠤᠴᠠᠭ᠎ᠠ ᠪᠠᠷ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ | ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ | ᠤᠯᠤᠰ ᠲᠦᠷᠦ ᠶᠢᠨ ︽ᠭᠤᠷᠪᠠᠨ ᠬᠦᠴᠦᠨ︾ ᠢᠶᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ | ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠭᠤᠷᠪᠠᠨ | ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠪᠠ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ | ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠪᠠ ᠶᠣᠰᠣ ᠲᠦᠷᠢᠮ ᠢ | ᠲᠡᠷᠡ ᠬᠡᠪ ᠢᠶᠠᠷ ᠨᠢ ᠬᠡᠷᠡᠭᠵᠢᠭᠦᠯᠬᠦ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ | ᠡᠭᠦᠷᠭᠡᠯᠡᠬᠦ︾ ᠶᠢ ᠲᠦᠷᠦᠭᠦᠯᠡᠨ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ᠂ ᠬᠤᠪᠢᠳᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ | ᠦᠨᠡᠨᠬᠦ ᠰᠠᠶᠢᠲᠤᠷ ᠬᠠᠮᠢᠶᠠᠷᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠶᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ | ᠵᠢᠯᠣᠭᠤᠳᠴᠤ ᠪᠠᠶᠢᠭᠠᠳ ᠵᠥᠪ ᠡᠷᠬᠡ ᠶᠢᠨ ᠦᠵᠡᠯᠲᠡ ᠪᠠ ᠠᠰᠢᠭ ᠲᠤᠰᠠ ᠶᠢᠨ ᠦᠵᠡᠯᠲᠡ ᠶᠢ ᠪᠤᠢ ᠪᠣᠯᠭᠠᠵᠤ᠂ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠡᠰᠡᠷᠭᠦᠴᠡᠵᠦ᠂ ᠯᠠᠪᠳᠠᠭᠤᠨ ᠪᠠᠲᠤᠲᠠᠢ ᠰᠤᠷᠲᠠᠯ ᠢᠶᠠᠷ ᠳᠡᠭᠡᠳᠦ ᠱᠠᠲᠤᠨ ᠤ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠦᠷᠦᠭᠦᠯᠡᠨ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠭᠡᠷ | ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠭᠡᠷ ᠤᠨ ᠬᠥᠮᠦᠰ ᠤᠨ | ᠲᠦᠷᠦᠯ ᠰᠠᠳᠤᠨ ᠢ ᠴᠢᠩᠭ᠎ᠠ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠦᠨ ᠪᠠ ᠳᠡᠷᠭᠡᠳᠡᠬᠢ ᠶᠠᠪᠤᠳᠠᠯ ᠢᠶᠠᠨ | ᠰᠠᠶᠢᠲᠤᠷ ᠬᠠᠮᠢᠶᠠᠷᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |