ᠵᠠᠩ ᠶᠦᠩ ᠸᠧᠨ ᠠᠵᠤ ᠠᠬᠤᠶᠢᠯᠠᠯ ᠤᠨ ᠠᠵᠢᠯᠯᠠᠭᠠᠨ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/11
    12 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠠᠵᠤ ᠠᠬᠤᠶᠢᠯᠠᠯ ᠤᠨ ᠠᠵᠢᠯᠯᠠᠭᠠᠨ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃    ᠵᠠᠩ ᠶᠦᠩ ᠸᠧᠨ ᠤᠷᠢᠳ ᠬᠤᠵᠢᠳ ᠤᠯᠠᠭᠠᠨᠴᠠᠪ ᠤᠨ ᠷᠦᠩ ᠴᠠᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠣᠣ ᠯᠢᠶᠠᠨ ᠮᠢᠨ ᠫᠤᠤᠵᠢᠩ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠬᠤᠩ ᠲᠠᠢ ᠳ᠋ᠠ ᠳ᠋ᠢ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠦᠢᠯᠡᠳᠬᠦᠨ ᠢ ᠦᠵᠡᠬᠦ᠂ ᠬᠡᠷᠡᠭᠴᠡᠭᠡ ᠶᠢ ᠠᠰᠠᠭᠤᠬᠤ ᠪᠠᠷ ᠲᠠᠮᠵᠢᠨ᠂ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠦᠷ᠎ᠡ ᠠᠰᠢᠭ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠠᠶᠤᠯᠭᠦᠢ ᠦᠢᠯᠡᠳᠪᠦᠷᠢᠯᠡᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠠᠩ ᠶᠦᠩ ᠸᠧᠨ ᠬᠡᠯᠡᠭᠰᠡᠨ ᠨᠢ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠯᠤᠭ᠎ᠠ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠭᠦᠦ ᠠᠯᠬᠤᠮ ᠳᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ᠂ ᠲᠦᠭᠵᠢᠷᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠰᠠᠶᠢᠲᠤᠷ ᠪᠠᠲᠤᠯᠠᠵᠤ᠂ ᠠᠵᠤ ᠠᠬᠤᠶᠢᠯᠠᠯ ᠤᠨ ᠨᠡᠩ ᠤᠯᠠᠨ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠵᠤ᠂ ᠨᠡᠩ ᠶᠡᠭᠡ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠬᠥᠭᠵᠢᠯᠲᠡ ᠶᠢᠨ ᠤᠶᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠰᠡᠷᠭᠡᠶᠢᠯᠡᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠬᠦ ᠬᠡᠷᠡᠭᠲᠡᠢ ᠬᠡᠵᠡᠢ ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠲᠥᠯᠥᠪᠵᠢᠭᠦᠯᠭᠡ ᠪᠠᠨ ᠲᠣᠳᠣᠷᠬᠠᠶᠢᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ ᠵᠠᠬ᠎ᠠ ᠳᠡᠯᠭᠡᠭᠦᠷ ᠢ ᠨᠡᠭᠡᠭᠡᠵᠦ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠥᠷᠭᠡᠳᠬᠡᠵᠦ᠂ ᠬᠥᠭᠵᠢᠯᠲᠡ ᠶᠢᠨ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃    ᠵᠠᠩ ᡁᠢ ᠷᠦᠩ ᠣᠷᠣᠯᠴᠠᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2