︽ᠭᠤᠷᠪᠠᠨ ᠤᠮᠠᠷᠠᠲᠤ︾ ᠶᠢᠨ ᠢᠨᠵᠧᠨᠧᠷᠢᠩ ᠳᠤ ᠬᠦᠴᠦᠨ ᠨᠡᠮᠡᠷᠢᠯᠡᠵᠦ ᠡᠵᠢ ᠭᠤᠣᠯ ᠤᠨ ᠲᠡᠷᠢᠭᠦᠨ ᠤ ᠵᠢᠱᠢᠶᠡᠴᠢ ᠶᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2024/12/11
     ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯ ᠮᠠᠨ ᠤ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠲᠠᠷᠰᠢᠯ ᠪᠣᠯᠤᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠲᠥᠯᠥᠭᠡ ᠬᠡᠷᠡᠭᠵᠢᠭᠦᠯᠦᠭᠰᠡᠨ ᠨᠢᠭᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠪᠣᠯᠤᠨ᠎ᠠ᠃ ᠡᠨᠡ ᠬᠦ ᠠᠤᠭ᠎ᠠ ᠢᠨᠵᠧᠨᠧᠷᠢᠩ ᠳᠤᠮᠳᠠ᠂ ᠨᠢᠭᠡ ᠪᠦᠯᠦᠭ ᠲᠡᠷᠢᠭᠦᠨ ᠤ ᠵᠢᠱᠢᠶᠡᠴᠢ ᠬᠥᠮᠦᠰ ᠴᠣᠯᠭᠤᠷᠠᠨ ᠭᠠᠷᠪᠠ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠵᠢ ᠭᠤᠣᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠪᠡ᠃ 12 ᠰᠠᠷ᠎ᠠ ᠶᠢᠨ 10 ᠤ ᠡᠳᠦᠷ᠂ ᠰᠢᠨ᠎ᠡ ᠴᠠᠬᠢᠯᠭᠠᠨ ᠬᠡᠯᠬᠢᠶ᠎ᠡ ᠶᠢᠨ ᠨᠡᠶᠢᠭᠡᠮ ᠲᠣᠭᠤᠷᠢᠭ ᠲᠡᠷᠢᠭᠦᠨ ᠤ ᠵᠢᠱᠢᠶᠡᠴᠢ ᠬᠥᠮᠦᠰ ᠤᠨ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠶᠢ ᠰᠤᠷᠤᠯᠴᠠᠵᠤ᠂ ᠨᠠᠩ ᠣᠯᠠᠨ ᠬᠥᠮᠦᠰ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠡᠵᠢ ᠭᠤᠤᠯ ᠤᠨ ᠬᠠᠮᠠᠭᠠᠯᠠᠯᠲᠠ ᠶᠢᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠠᠶ᠃     ᠮᠠ ᠳ᠋ᠢᠶᠠᠨ ᠶᠢᠩ ᠪᠣᠯ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠨᠢᠭᠡᠨ ᠮᠠᠯᠴᠢᠨ ᠮᠥᠨ᠂ ᠲᠡᠷᠡ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠶ ᠣᠷᠣᠯᠴᠠᠵᠤ᠂ ᠰᠢᠨᠵᠢᠯᠡᠬᠦ ᠤᠬᠠᠭᠠᠨᠴᠢ ᠪᠠᠷ ᠮᠠᠯ ᠬᠠᠷᠢᠭᠤᠯᠬᠤ᠂ ᠡᠪᠡᠰᠦ ᠲᠠᠷᠢᠵᠤ ᠮᠠᠯ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠮᠠᠭᠤᠳᠠᠬᠤ ᠶᠢ ᠪᠦᠲᠦᠮᠵᠢᠲᠡᠶ ᠰᠡᠷᠭᠡᠶᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠶᠢ ᠬᠠᠮᠠᠭᠠᠯᠠᠪᠠ᠃ ᠸᠠᠩ ᠶᠢᠦ ᠳ᠋ᠧ ᠪᠣᠯ ᠨᠢᠩᠰᠢᠶᠠ ᠶᠢᠨ ᠯᠢᠩ ᠦ᠋ ᠪᠠᠢ ᠵᠢᠢ ᠲᠠᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠤᠤᠯ ᠤᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠣᠯᠤᠨ᠎ᠠ᠂ ᠲᠡᠷᠡ ᠠᠵᠢᠯᠲᠠᠨ ᠢᠶᠠᠨ ᠳᠠᠭᠠᠭᠤᠯᠤᠨ ᠮᠤᠤᠠᠤᠰᠤ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠳᠤ ᠨᠣᠭᠤᠭᠠᠨ ᠬᠠᠯᠬᠠᠪᠴᠢ ᠪᠠᠶᠢᠭᠤᠯᠵᠤ᠂ ︽ᠡᠯᠡᠰᠦ ᠶᠢ ᠵᠠᠰᠠᠬᠤ ᠪᠠᠭᠠᠲᠤᠷ︾ ᠭᠡᠵᠦ ᠠᠯᠳᠠᠷᠰᠢᠵᠠᠢ᠃ ᠲᠡᠷᠡ ᠬᠡᠳᠦᠨ ᠠᠷᠪᠠᠨ ᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠨᠢᠭᠡᠳᠦᠭᠡᠷ ᠹᠷᠣᠨᠲ ᠢ ᠪᠠᠲᠤ ᠰᠠᠬᠢᠵᠤ᠂ ᠮᠣᠳᠣ ᠲᠠᠷᠢᠵᠤ ᠣᠶᠢᠵᠢᠭᠤᠯᠬᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠠᠢ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯᠣᠨ ᠡᠵᠢ ᠭᠤᠣᠯ ᠢᠶᠠᠨ ᠬᠠᠮᠠᠭᠠᠯᠠᠬᠤ ᠦᠢᠯᠡᠰ ᠲᠤ ᠪᠠᠰᠠ ᠸᠠᠩ ᠶᠢᠦ ᠳ᠋ᠧ᠂ ᠮᠠ ᠳ᠋ᠢᠶᠠᠨ ᠶᠢᠩ ᠰᠢᠭ ᠮᠠᠰᠢ ᠤᠯᠠᠨ ᠲᠡᠷᠢᠭᠦᠨ ᠤ ᠵᠢᠱᠢᠶᠡᠴᠢ ᠬᠥᠮᠥᠰ ᠪᠠᠶᠢᠵᠤ᠂ ᠲᠡᠳᠡᠨ ᠤ ᠦᠢᠯᠡ ᠠᠵᠢᠯᠯᠠᠭ᠎ᠠ ᠪᠣᠯᠣᠨ ᠵᠣᠷᠢᠭ ᠰᠠᠨᠠᠭ᠎ᠠ ᠶᠢ ᠪᠢᠳᠡ ᠠᠳᠠᠯᠢᠬᠠᠨ ᠰᠤᠷᠤᠯᠴᠠᠨ ᠪᠠᠳᠠᠷᠠᠭᠤᠯᠤᠰᠢᠲᠠᠢ ᠶᠤᠮ᠃     ᠡᠳᠡᠭᠡᠷ ᠲᠡᠷᠢᠭᠦᠨ ᠤ ᠵᠢᠱᠢᠶᠡᠴᠢ ᠬᠦᠮᠦᠰ ᠴᠦᠮ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠦᠷᠢᠯᠳᠦᠭᠦᠯᠵᠦ᠂ ᠲᠡᠳᠡ ᠬᠤᠪᠢ ᠬᠥᠮᠦᠨ ᠤ ᠣᠯᠵᠤ ᠠᠯᠳᠠᠬᠤ ᠶᠢ ᠪᠤᠳᠤᠬᠤ ᠦᠭᠡᠢ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠣᠷᠣᠯᠴᠠᠪᠠ᠃ ᠪᠠᠶᠢᠭᠠᠯᠢ ᠶᠢᠨ ᠶᠡᠷᠦ ᠪᠤᠰᠤ ᠶᠢᠨ ᠣᠷᠴᠢᠨ ᠲᠣᠭᠤᠷᠢᠨ ᠪᠠ ᠬᠠᠲᠠᠭᠤ ᠪᠡᠷᠬᠡ ᠵᠠᠰᠠᠯᠲᠠ ᠶᠢᠨ ᠡᠭᠦᠷᠭᠡ ᠶᠢᠨ ᠡᠮᠦᠨ᠎ᠡ᠂ ᠲᠡᠳᠡ ᠰᠢᠨᠲᠠᠷᠠᠰᠢ ᠦᠭᠡᠢ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠶᠠᠭᠤ ᠶᠢ ᠵᠢᠩᠬᠢᠨᠢ ᠠᠮᠢ ᠠᠬᠤᠢ ᠶᠢᠨ ᠬᠠᠮᠠᠭᠠᠯᠠᠭᠴᠢ ᠪᠣᠯᠬᠤ ᠶᠢ ᠲᠠᠶᠢᠯᠪᠤᠷᠢᠯᠠᠵᠠᠢ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠪᠤᠯ ᠨᠢᠭᠡᠨ ᠤᠷᠳᠤ ᠬᠤᠭᠤᠴᠠᠭᠠᠨ ᠤ ᠪᠦᠭᠡᠳ ᠪᠡᠷᠭᠡ ᠬᠠᠳᠠᠭᠤᠵᠢᠯᠳᠠᠢ ᠡᠬᠦᠷᠭᠡ ᠪᠤᠯᠤᠨ᠎ᠠ᠂ ᠪᠦᠬᠦ ᠨᠡᠶᠢᠭᠡᠮ ᠤᠨ ᠬᠠᠮᠳᠤ ᠶᠢᠨ ᠴᠢᠷᠮᠠᠶᠢᠯᠭ᠎ᠠ ᠪᠠ ᠦᠷᠬᠦᠯᠵᠢᠯᠡᠨ ᠪᠡᠯᠡ ᠤᠷᠤᠭᠤᠯᠬᠤ ᠭᠡᠷᠡᠭᠳᠠᠢ᠃ ᠪᠢᠳᠡ ᠡᠳᠡᠭᠡᠷ ᠲᠡᠷᠢᠭᠦᠨ ᠤ ᠵᠢᠱᠢᠶᠡᠴᠢ ᠬᠥᠮᠦᠰ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠰᠢᠨᠲᠠᠷᠠᠰᠢ ᠦᠭᠡᠢ ᠵᠣᠷᠢᠭ ᠰᠠᠨᠠᠭ᠎ᠠ ᠪᠣᠯᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠰᠤᠷᠤᠯᠴᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯᠤᠨ ᠡᠵᠢ ᠭᠤᠣᠯ ᠤᠨ ᠬᠠᠮᠠᠭᠠᠯᠠᠯᠲᠠ ᠶᠢᠨ ᠦᠢᠯᠡᠰ ᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃          ᠣᠷᠴᠢᠭᠤᠯᠤᠭᠴᠢ᠄  ᠳ᠋ᠥᠩ ᠾᠦᠢ
 
ᠢᠷᠡᠯᠲᠡ᠄ ᠵᠢᠨᠢᠩ ᠲᠣᠭᠤᠷᠢᠭ ‍ᠤᠨ‌ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠢᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2