| | | | | | 12 ᠰᠠᠷ᠎ᠠ ᠶᠢᠨ 11 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ︵ᠥᠷᠭᠡᠳᠬᠡᠭᠰᠡᠨ︶ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ | ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ | ᠬᠤᠷᠠᠯ ᠠᠴᠠ 10 ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠴᠢ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ | ᠲᠣᠭᠤᠷᠢᠭ ᠤᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ᠂ | ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠱᠦᠵᠢ | ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠨᠠᠮ ᠤᠨ ᠡᠭᠦᠷ ᠤᠨ ᠱᠦᠵᠢ | 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ | ᠮᠡᠳᠡᠭᠦᠯᠦᠯᠲᠡ ᠶᠢ ᠰᠣᠨᠣᠰᠪᠠ ᠃ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠢᠴᠢᠭ ᠤᠨ | ᠲᠤᠰᠢᠶᠠᠯ ᠤᠨ ᠮᠡᠳᠡᠭᠦᠯᠦᠯᠲᠡ ᠬᠢᠪᠡ᠃ ᠵᠠᠩ ᠶᠦᠩ ᠸᠧᠨ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠣᠰᠴᠤ᠂ ᠨᠢᠭᠡᠳ ᠨᠢᠭᠡ ᠪᠠᠷ ᠦᠨᠡᠯᠡᠯᠲᠡ ᠬᠢᠵᠡᠢ᠃ ᠲᠡᠷᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ | ᠡᠯ᠎ᠡ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠲᠤᠭᠤᠷᠢᠭ ᠤᠨ ᠨᠠᠮ ᠤᠨ ᠬᠤᠷᠢᠶᠠᠨ ᠤ | ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠨᠢᠭᠡ ᠭᠤᠣᠯ ᠱᠤᠭᠤᠮ᠂ ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯ ᠡᠭᠦᠷᠭᠡ ᠲᠠᠢ | ᠨᠢᠭᠲᠠ ᠤᠶᠠᠯᠳᠤᠭᠤᠯᠵᠤ᠂ ᠰᠠᠭᠤᠷᠢ ᠶᠢ ᠲᠠᠯᠪᠢᠵᠤ᠂ ᠡᠩᠨᠡᠭᠡ ᠶᠢ ᠬᠦᠴᠦᠷᠬᠡᠭᠵᠢᠭᠦᠯᠵᠦ᠂ ᠲᠦᠷᠢᠮ ᠢ ᠪᠠᠶᠢᠭᠤᠯᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠭᠡᠪᠡᠴᠦ | ᠳᠡᠭᠡᠳᠦ ᠱᠠᠲᠤᠨ ᠤ ᠱᠠᠭᠠᠷᠳᠠᠯᠭ᠎ᠠ ᠪᠠ ᠬᠥᠭᠵᠢᠯᠲᠡ ᠶᠢᠨ ᠬᠡᠷᠡᠭᠴᠡᠭᠡ ᠲᠠᠢ ᠬᠠᠷᠢᠴᠠᠭᠤᠯᠵᠤ᠂ ᠪᠥᠬᠦ ᠲᠤᠭᠤᠷᠢᠭ ᠤᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠰᠠ ᠳᠤᠲᠠᠭᠤᠳᠠᠯ ᠣᠷᠣᠰᠢᠵᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ | ᠬᠠᠷᠠᠯᠲᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠡᠨ ᠬᠦ ᠰᠢᠢᠳᠪᠦᠷᠢᠯᠡᠬᠦ ᠬᠡᠷᠡᠭᠲᠡᠶ᠃ | ᠵᠠᠩ ᠶᠦᠩ ᠸᠧᠨ ᠴᠢᠬᠤᠯᠠᠴᠢᠯᠠᠭᠰᠠᠨ ᠨᠢ᠂᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠲᠥᠪ ᠴᠢᠩᠭ᠎ᠠ ᠪᠣᠯᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠲᠤ ᠪᠤᠢ ᠪᠣᠯᠭᠠᠵᠤ᠂ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠪᠦᠷᠢᠨᠰᠢᠬᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠰᠠᠶᠢᠲᠤᠷ ᠪᠠᠬᠢᠵᠢᠭᠦᠯᠬᠦ᠂ | ᠰᠠᠶᠢᠲᠤᠷ ᠬᠥᠭᠵᠢᠭᠦᠯᠬᠦ᠂ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠣᠰᠣ | ᠲᠦᠷᠢᠮ ᠢ ᠴᠢᠩᠭ᠎ᠠ ᠰᠠᠬᠢᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠵᠢᠷᠡᠯ ᠢ | ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ | ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠣᠯ ᠶᠡᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠦᠨᠡᠨᠬᠦ | ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ᠂ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ | ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠢ ᠬᠠᠮᠢᠶᠠᠷᠴᠤ | ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ︽ᠨᠢᠭᠡᠳᠦᠭᠡᠷ ᠭᠠᠷ︾ ᠤᠨ | ᠬᠠᠷᠢᠭᠤᠴᠠᠯᠭ᠎ᠠ ᠶᠢ ᠡᠭᠦᠷᠭᠡᠯᠡᠵᠦ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ | ︽ᠨᠢᠭᠡ ᠴᠤᠬᠴᠠᠵᠢᠭᠤᠯᠬᠤ︾ ᠬᠢᠨᠠᠨ ᠰᠢᠯᠭᠠᠯᠲᠠ ᠶᠢ ᠰᠠᠶᠢᠲᠤᠷ ᠠᠳᠬᠤᠵᠤ᠂ ᠵᠡᠷᠭᠡᠪᠡᠷ ᠠᠳᠬᠤᠵᠤ ᠬᠠᠮᠲᠤᠪᠠᠷ | ᠬᠠᠮᠢᠶᠠᠷᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠬᠤᠷᠠᠯ ᠳᠡᠭᠡᠷ᠎ᠡ᠂ ᠵᠠᠩ ᠱᠧᠩ ᠵᠢᠶᠠᠩ᠂ ᠯᠢ ᠵᠢᠩ᠂ ᠶᠤᠸᠠᠢ ᠯᠢᠶᠠᠩ᠂ ᠰᠢᠤᠢ ᠹᠧᠩ ᠲᠣᠰ ᠲᠣᠰ ᠤᠨ | ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠯᠲᠡ ᠬᠢᠪᠡ᠃ | ᠬᠤᠷᠠᠯ ᠳᠤ ᠣᠷᠣᠯᠴᠠᠭᠰᠠᠳ ᠲᠤᠭᠤᠷᠢᠭ ᠤᠨ ᠰᠢᠭᠤᠳ ᠬᠠᠷᠢᠶ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ | ᠲᠤᠬᠠᠢ ᠬᠠᠮᠲᠤ ᠶᠢᠨ ᠦᠨᠡᠯᠡᠯᠲᠡ ᠬᠢᠵᠡᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠨᠢᠭᠡᠴᠢ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ᠬᠤᠷᠢᠶᠠᠨ ᠤ ᠱᠦᠵᠢ᠂ ᠬᠡᠰᠡᠭ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠦᠨᠳᠦᠰᠦᠨ ᠱᠠᠲᠤᠨ ᠤ ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ | ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ | ᠤᠷᠴᠢᠭᠤᠯᠤᠭᠴᠢ᠄ ᠲᠤᠶᠠᠭ᠎ᠠ |