ᠵᠢᠨᠢᠩ ᠲᠣᠭᠤᠷᠢᠭ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠤᠤ ᠬᠠᠶ ᠮᠢᠩ ᠵᠢᠨᠢᠩ ᠲᠣᠭᠤᠷᠢᠭ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠪᠥᠬᠦ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠪᠠ ᠰᠢᠢᠳᠪᠦᠷᠢᠯᠡᠬᠦ ᠲᠥᠰᠦᠯ ᠢ ᠳᠠᠩᠰᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠭᠠᠵᠠᠷ ᠤᠨ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠬᠠᠳᠠᠭᠠᠯᠠᠬᠤ᠂ ᠴᠤᠭᠯᠠᠭᠤᠯᠬᠤ᠂ ᠠᠰᠢᠭᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠶ᠃ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠭᠤᠭᠴᠤᠭ᠎ᠠ ᠶᠢᠨ ᠬᠠᠤᠯᠢ ᠲᠣᠭᠲᠠᠭᠠᠯ ᠳᠤ ᠨᠡᠶᠢᠴᠡᠬᠦ ᠂ ᠴᠡᠪᠡᠷ ᠲᠡᠭᠰᠢ ᠡᠮᠬᠢ ᠵᠢᠷᠤᠮ ᠲᠠᠢ᠂ ᠠᠮᠤᠷ ᠲᠦᠪᠰᠢᠨ ᠨᠢᠭᠲᠠ ᠪᠢᠲᠡᠭᠦᠮᠵᠢᠯᠡᠬᠦ ᠶᠢ ᠪᠠᠲᠤᠯᠠᠵᠤ᠂ ᠳᠤᠷ᠎ᠠ ᠪᠠᠷ ᠢᠶᠠᠨ ᠲᠠᠲᠠᠬᠤ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ ᠡᠯ᠎ᠡ ᠲᠥᠷᠥᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠬᠠᠮᠲᠤ ᠪᠠᠷᠢᠯᠭ᠎ᠠ ᠶᠢᠨ ᠬᠤᠭ ᠨᠣᠪᠰᠢ ᠶᠢ ᠰᠢᠶ᠋ᠳᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠲᠣᠨᠣᠭᠯᠠᠯ ᠤᠨ ᠬᠡᠷᠡᠭᠯᠡᠯᠲᠡ ᠶᠢ ᠠᠬᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠭᠦᠨ ᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠲᠥᠷᠥᠯ ᠤᠨ ᠡᠷᠦᠶ ᠬᠤᠷᠤᠶ ᠥᠬᠡᠶ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠠᠵᠢᠯ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠷᠢᠯᠴᠠᠨ ᠬᠠᠮᠵᠢᠯᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠪᠥᠬᠦ ᠶᠠᠪᠤᠴᠠ᠂ ᠪᠥᠬᠦ ᠬᠡᠯᠬᠢᠶ᠎ᠡ᠂ ᠪᠥᠬᠦ ᠲᠠᠯ᠎ᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ ᠵᠢᠴᠢ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ  ᠨᠢᠭᠡᠴᠢ ᠪᠣᠯᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2